ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-03-13
     3 ᠰᠠᠷ᠎ᠠ ᠶᠢᠨ 12 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠥᠨᠵᠡᠭᠡᠶᠢᠷᠠᠭᠦᠯᠭᠦ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ  ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠰᠢᠶᠠᠨ ᠤ ᠲᠠᠰ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂  ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠮᠠᠯ ᠲᠠᠷᠢᠶᠠᠯᠠᠩ ᠠᠵᠤ ᠠᠬᠤᠢ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ ᠤ ᠭᠥᠷᠢᠶᠠᠨ ᠳᠠᠬᠢ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠠᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠲᠤᠬᠠᠶ ᠬᠡᠷᠡᠭᠵᠢᠭᠦᠯᠬᠦ ᠰᠠᠨᠠᠯ︾ ᠪᠤᠯᠤᠨ ᠡᠯ᠎ᠡ ᠱᠠᠲᠤᠨ ᠤ ᠥᠭᠡᠷᠡᠴᠢᠯᠡᠯᠲᠡ  ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠤᠯᠪᠣᠭᠳᠠᠯ ᠪᠥᠬᠦᠶ ᠠᠵᠢᠯ ᠤᠨ ᠲᠥᠰᠦᠯ ᠢ ᠰᠤᠳᠤᠯᠵᠤ ᠬᠢᠨᠠᠨ ᠵᠥᠪᠯᠡᠪᠡ᠃      ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠠᠯᠠᠭᠦᠯᠭᠦ ᠪᠠ ︽13 · 5︾ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠮᠠᠯ ᠲᠠᠷᠢᠶᠠᠯᠠᠩ ᠠᠵᠤ ᠠᠬᠤᠢ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ ᠤ ᠠᠵᠢᠯ ᠢ ᠰᠠᠶᠢᠳᠤᠷ ᠬᠢᠬᠦ ᠶᠢᠨ ᠴᠢᠬᠤᠯᠠ ᠴᠢᠨᠠᠷ ᠢ ᠭᠦᠶᠴᠡᠳ ᠲᠠᠨᠢᠵᠤ ᠲᠣᠪᠣᠶᠢᠮ᠎ᠠ ᠲᠤᠳᠠᠭᠳᠠᠯ ᠠᠰᠠᠭᠤᠳᠠᠯ ᠳᠤ ᠠᠩᠬᠠᠷᠤᠯ  ᠢᠶᠠᠨ ᠲᠦᠪᠯᠡᠷᠡᠬᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠢ ᠭᠦᠶᠴᠡᠳ ᠪᠠᠳᠠᠷᠠᠭᠤᠯᠤᠨ ᠡᠯ᠎ᠡ ᠲᠥᠷᠤᠯ ᠤᠨ ᠪᠠᠶᠢᠷᠢᠯᠠᠭᠤᠯᠤᠯᠲᠠ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ ᠮᠠᠯᠵᠢᠬᠤ ᠲᠠᠷᠢᠶᠠᠯᠠᠬᠤ ᠣᠷᠣᠨ ᠤ ᠴᠢᠨᠡᠭᠡᠯᠢᠭ ᠨᠡᠶᠢᠭᠡᠮ ᠢ ᠵᠡᠷᠭᠡᠪᠡᠷ ᠪᠠᠶᠠᠯᠠᠭᠦᠯᠭᠦ ᠶᠢ ᠪᠠᠲᠤᠯᠠᠬᠤ ᠬᠡᠷᠡᠭᠲᠡᠶ᠃ ᠠᠰᠠᠭᠤᠳᠠᠯ᠂ ᠬᠠᠷᠠᠯᠲᠠ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠡᠯ᠎ᠡ ᠬᠦᠷᠢᠶᠡᠨ ᠤ ᠥᠭᠡᠷᠡᠴᠢᠯᠡᠯᠲᠡ ᠶᠢ ᠲᠠᠰᠤᠷᠠᠯᠲᠠ ᠥᠬᠡᠶ ᠬᠦᠨᠵᠡᠭᠡᠶᠢᠷᠡᠬᠦᠯᠵᠤ ᠥᠭᠡᠷᠡᠴᠢᠯᠡᠯᠲᠡ ᠶᠢᠨ ᠬᠠᠨᠳᠤᠯᠭᠠᠲᠤ ᠴᠢᠨᠠᠷ᠂ ᠰᠢᠰᠲ᠋ᠧᠮᠲᠦ ᠴᠢᠨᠠᠷ ᠪᠣᠯᠤᠨ ᠪᠣᠳᠠᠲᠤ ᠦᠷ᠎ᠡ ᠪᠥᠳᠥᠮᠵᠢᠳᠤ ᠴᠢᠨᠠᠷ ᠢ ᠴᠢᠩᠭᠠᠳᠬᠠᠵᠤ ᠮᠠᠨ ᠤ ᠬᠤᠰᠢᠭᠤᠨ ᠤ ᠡᠯ᠎ᠡ ᠲᠥᠷᠤᠯ ᠤᠨ ᠥᠭᠡᠷᠡᠴᠢᠯᠡᠯᠲᠡ ᠶᠢᠨ ᠡᠭᠦᠷᠭᠡ ᠶᠢ ᠪᠤᠳᠠᠳᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠵᠣᠬᠢᠶᠠᠨ ᠪᠠᠶᠢᠭᠤᠯᠤᠨ ᠤᠳᠤᠷᠢᠳᠬᠤ᠂ ᠴᠡᠭᠴᠡᠯᠠᠨ ᠰᠠᠶᠢᠵᠢᠷᠠᠭᠤᠯᠬᠤ᠂ ᠪᠠᠬᠢᠵᠢᠭᠦᠯᠦᠨ ᠳᠡᠭᠡᠭᠰᠢᠯᠡᠭᠦᠯᠬᠦ᠂ ᠲᠥᠷᠦ  ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠰᠠᠶᠢᠲᠤᠷ ᠬᠢᠵᠦ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠶᠢᠯᠠᠯᠳᠤᠭᠠᠨ ᠤ ᠢᠯᠠᠯᠲᠠ ᠣᠯᠬᠤ ᠶᠢ ᠪᠠᠲᠤᠯᠠᠬᠤ ᠬᠡᠷᠡᠭᠲᠡᠢ᠃ ᠠᠵᠤ ᠠᠬᠤᠶ ᠨᠡᠶᠢᠭᠡᠮ ᠤᠨ ᠡᠯ᠎ᠡ ᠲᠥᠷᠤᠯ ᠤᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠬᠦᠯᠦᠨ ᠡᠯ᠎ᠡ ᠵᠦᠶᠯ ᠤᠨ ᠰᠢᠶᠳᠪᠦ‌‍ᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ ᠶᠡᠭᠡ ᠲᠡᠶᠢᠨ ᠤ ᠶᠡᠭᠡ ᠰᠢᠯᠭᠠᠯᠲᠠ ᠶᠢᠨ ᠳᠤᠮᠳᠠ ᠰᠢᠯᠢᠳᠡᠭ ᠠᠮᠵᠢᠯᠳᠠ ᠤᠯᠬᠤ ᠪᠠᠷ ᠴᠢᠷᠮᠠᠶᠢᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号