ᠮᠠᠨ ᠤ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠥᠪ ᠤᠨ ᠬᠠᠮᠠᠭᠠᠯᠠᠯᠳᠡ ᠶᠢᠨ ᠲᠥᠪ ᠥᠪᠡᠷᠳᠡᠬᠡᠨ ᠵᠠᠰᠠᠬᠤ ᠤᠷᠤᠨ ᠤ ᠤᠯᠠᠮᠵᠢᠯᠠᠯᠳᠤ ᠭᠠᠷ ᠤᠷᠠᠯᠠᠯ ᠤᠨ ᠠᠵᠢᠯ ᠤᠨ ᠥᠷᠳᠡᠭᠡ ᠪᠠᠷ ᠰᠤᠩᠭᠤᠭᠳᠠᠯ᠎ᠠ
ᠨᠡᠶᠢᠲᠡᠯᠡᠭᠰᠡᠨ ᠴᠠᠭ᠄
2020-03-13
     ᠲᠥᠷᠥᠬᠦᠬᠡᠨ᠂ ᠥᠪᠡᠷᠳᠡᠬᠡᠨ ᠵᠠᠰᠠᠬᠤ ᠤᠷᠤᠨ ᠤ ᠰᠤᠶᠤᠯ ᠵᠤᠭᠠᠴᠠᠯ ᠤᠨ ᠲᠢᠩᠬᠢᠮ ᠠᠴᠠ ︽ᠥᠪᠡᠷᠳᠡᠬᠡᠨ ᠵᠠᠰᠠᠬᠤ ᠤᠷᠤᠨ ᠤ ᠤᠯᠠᠮᠵᠢᠯᠠᠯᠳᠤ ᠭᠠᠷ ᠤᠷᠠᠯᠠᠯ ᠤᠨ ᠠᠵᠢᠯ ᠤᠨ ᠥᠷᠳᠡᠭᠡ ᠵᠢᠴᠢ ᠪᠤᠳᠠᠰ ᠤᠨ ᠪᠤᠰᠤ ᠰᠤᠶᠤᠯ ᠤᠨ ᠥᠪ ᠤᠨ ᠠᠵᠢᠯ ᠤᠯᠭᠤᠯᠳᠡ ᠶᠢᠨ ᠤᠢᠢᠯᠡᠳᠬᠡᠯ ᠤᠨ ᠭᠠᠵᠠᠷ ᠢ ᠨᠡᠶᠢᠳᠡᠯᠡᠬᠦ ᠲᠤᠬᠠᠢ ᠮᠡᠳᠡᠭᠳᠡᠯ︾ ᠢ ᠨᠡᠶᠢᠳᠡᠯᠡᠵᠥ᠂ ᠥᠥᠰᠢᠨ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠥᠪ ᠤᠨ ᠬᠠᠮᠠᠭᠠᠯᠠᠯᠳᠠ ᠶᠢᠨ ᠲᠥᠪ ᠥᠪᠡᠷᠳᠡᠬᠡᠨ ᠵᠠᠰᠠᠬᠤ ᠤᠷᠤᠨ ᠤ ᠤᠯᠠᠮᠵᠢᠯᠠᠯᠳᠤ ᠭᠠᠷ ᠤᠷᠠᠯᠠᠯ ᠤᠨ ᠠᠵᠢᠯ ᠤᠨ ᠥᠷᠳᠡᠭᠡ ᠪᠠᠷ ᠰᠤᠩᠭᠤᠭᠳᠠᠵᠠᠢ᠃      ᠥᠥᠰᠢᠨ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠥᠪ ᠤᠨ ᠬᠠᠮᠠᠭᠠᠯᠠᠯᠳᠡ ᠶᠢᠨ ᠲᠥᠪ ᠨᠢ 2011 ᠤᠨ ᠳᠤ ᠪᠠᠶᠢᠭᠤᠯᠤᠭᠳᠠᠨ᠂ ᠤᠳᠤᠬᠠᠨ ᠳᠤ ᠤᠷᠳᠤᠰ ᠬᠤᠳᠠ ᠶᠢᠨ ᠬᠤᠰᠢᠭᠤ ᠲᠤᠭᠤᠷᠢᠭ ᠤᠨ ᠪᠠᠶᠢᠭᠤᠯᠤᠭᠰᠠᠨ ᠪᠤᠳᠠᠰ ᠤᠨ ᠪᠤᠰᠤ ᠰᠤᠶᠤᠯ ᠤᠨ ᠥᠪ ᠢ ᠬᠠᠮᠠᠭᠠᠯᠠᠬᠤ ᠴᠤᠷ ᠤᠨ ᠭᠠᠭᠴᠠ ᠲᠥᠪ ᠪᠤᠯᠬᠤ ᠮᠥᠷᠳᠡᠬᠡᠨ ᠪᠥᠬᠦ ᠤᠷᠤᠨ ᠤ ᠠᠩᠬᠠᠳᠠᠭᠴᠢ ᠬᠤᠰᠢᠭᠤ ᠰᠢᠶᠠᠨ ᠤ ᠱᠠᠳᠤᠨ ᠤ ᠪᠤᠳᠠᠰ ᠤᠨ ᠪᠤᠰᠤ ᠰᠤᠶᠤᠯ ᠤᠨ ᠥᠪ ᠢ ᠬᠠᠮᠠᠭᠠᠯᠠᠬᠤ ᠲᠤᠰᠬᠠᠢ ᠪᠠᠶᠢᠭᠤᠯᠤᠮᠵᠢ ᠪᠤᠯᠤᠨ᠎ᠠ᠃ ᠥᠥᠰᠢᠨ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠥᠪ ᠤᠨ ᠲᠥᠷᠥᠯ ᠵᠦᠢᠯ ᠳᠤ ᠤᠯᠤᠰ ᠤᠨ ᠲᠡᠰ ᠤᠨ ᠲᠥᠷᠥᠯ ᠵᠦᠢᠯ 1᠂ ᠥᠪᠡᠷᠳᠡᠬᠡᠨ ᠵᠠᠰᠠᠬᠤ ᠤᠷᠤᠨ ᠤ ᠲᠡᠰ ᠤᠨ ᠲᠥᠷᠥᠯ ᠵᠦᠢᠯ 19᠂ ᠬᠤᠳᠠ ᠶᠢᠨ ᠲᠡᠰ ᠤᠨ ᠲᠥᠷᠥᠯ ᠵᠦᠢᠯ 32᠂ ᠬᠤᠰᠢᠭᠤᠨ ᠤ ᠲᠡᠰ ᠤᠨ ᠲᠥᠷᠥᠯ ᠵᠦᠢᠯ 47 ᠪᠠᠶᠢᠵᠥ᠂ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ 2᠂ ᠥᠪᠡᠷᠳᠡᠬᠡᠨ ᠵᠠᠰᠠᠬᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ 34᠂ ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ 66᠂ ᠬᠤᠰᠢᠭᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ 143 ᠪᠤᠢ᠃      ᠥᠥᠰᠢᠨ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠥᠪ ᠤᠨ ᠬᠠᠮᠠᠭᠠᠯᠠᠯᠳᠡ ᠶᠢᠨ ᠲᠥᠪ ᠤᠨ ᠡᠷᠬᠢᠯᠡᠭᠴᠢ ᠴᠡᠴᠡᠭ᠄ ︽ᠥᠥᠰᠢᠨ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠥᠪ ᠤᠨ ᠬᠠᠮᠠᠭᠠᠯᠠᠯᠳᠡ ᠶᠢᠨ ᠲᠥᠪ ᠨᠢ ᠥᠪᠡᠷᠳᠡᠬᠡᠨ ᠵᠠᠰᠠᠬᠤ ᠤᠷᠤᠨ ᠤ ᠤᠯᠠᠮᠵᠢᠯᠠᠯᠳᠤ ᠭᠠᠷ ᠤᠷᠠᠯᠠᠯ ᠤᠨ ᠠᠵᠢᠯ ᠤᠨ ᠥᠷᠳᠡᠭᠡ ᠪᠠᠷ ᠰᠤᠩᠭᠤᠭᠳᠠᠭᠰᠠᠨ ᠨᠢ ᠮᠠᠨ ᠤ ᠬᠤᠰᠢᠭᠤᠨ ᠤ ᠤᠯᠠᠮᠵᠢᠯᠠᠯᠳᠤ ᠭᠠᠷ ᠤᠷᠠᠯᠠᠯ ᠤᠨ ᠲᠥᠷᠥᠯ ᠵᠦᠢᠯ ᠪᠤᠯᠤᠨ ᠪᠥᠳᠥᠬᠡᠭᠳᠡᠬᠦᠨ ᠢ ᠨᠡᠩ ᠴᠢᠨᠠᠭᠰᠢᠳᠡ ᠬᠠᠮᠠᠭᠠᠯᠠᠵᠥ ᠬᠥᠭᠵᠢᠬᠦᠯᠬᠦ ᠳᠤ ᠪᠠᠳᠤᠯᠠᠭ᠎ᠠ ᠲᠠᠢ ᠪᠤᠯᠤᠭᠰᠠᠨ ᠢ ᠬᠡᠷᠡᠴᠢᠯᠡᠵᠠᠢ᠃ ᠡᠨᠡ ᠲᠠᠯ᠎ᠠ ᠪᠠᠷ ᠪᠢᠳᠠ ᠤᠯᠠᠮᠵᠢᠯᠠᠯᠳᠤ ᠭᠠᠷ ᠤᠷᠠᠯᠠᠯ ᠢ ᠬᠢᠵᠥ ᠪᠠᠶᠢᠭ᠎ᠠ ᠤᠯᠠᠮᠵᠢᠯᠠᠭᠴᠢᠳ ᠲᠤ ᠲᠡᠬᠡᠳᠤ ᠬᠡᠮᠵᠢᠶᠠᠨ ᠤ ᠥᠨᠳᠤᠷ ᠲᠡᠰ ᠤᠨ ᠲᠤᠰᠬᠠᠢ ᠮᠡᠷᠬᠡᠵᠢᠯ ᠤᠨ ᠪᠤᠯᠪᠠᠰᠤᠷᠠᠯ ᠢ ᠬᠥᠷᠳᠡᠬᠡᠬᠦ ᠶᠢᠨ ᠬᠠᠮᠳᠤ ᠮᠠᠨ ᠤ ᠬᠤᠰᠢᠭᠤᠨ ᠤ ᠭᠠᠷ ᠤᠷᠠᠯᠠᠯ ᠤᠨ ᠪᠥᠳᠥᠬᠡᠭᠳᠡᠬᠦᠨ ᠢ ᠲᠥᠷᠢᠮᠵᠢᠭᠰᠡᠨ ᠬᠠᠮᠢᠶᠠᠷᠤᠯᠳᠡ ᠲᠠᠢ᠂ ᠬᠡᠪᠴᠢᠶᠡᠵᠢᠭᠰᠡᠨ ᠡᠵᠡᠩᠨᠡᠯᠳᠡ ᠲᠠᠢ᠂ ᠪᠠᠷᠢᠮᠵᠢᠶᠠᠵᠢᠭᠰᠠᠨ ᠪᠥᠳᠥᠭᠡᠭᠳᠡᠬᠦᠨ ᠪᠤᠯᠭᠠᠨ ᠤᠢᠢᠯᠡᠳᠪᠤᠷᠢᠯᠡᠵᠥ᠂ ᠨᠡᠩ ᠤᠯᠠᠨ ᠬᠥᠮᠥᠨ ᠳᠤ ᠪᠥᠬᠦ ᠲᠠᠯ᠎ᠠ ᠪᠠᠷ ᠰᠢᠯᠢᠳᠡᠭᠵᠢᠭᠰᠡᠨ ᠤᠢᠢᠯᠡᠴᠢᠯᠡᠭᠡ ᠬᠠᠨᠭ᠍ᠭᠠᠬᠤ ᠶᠢᠨ ᠬᠠᠮᠳᠤ ᠰᠢᠯᠢᠳᠡᠭ ᠪᠤᠷᠤᠯᠠᠭᠤᠯᠤᠯᠳᠡ ᠶᠢ ᠪᠡᠶᠡᠯᠡᠬᠦᠯᠤᠨ᠂ ᠭᠠᠷ ᠤᠷᠠᠯᠠᠯ ᠤᠨ ᠪᠥᠳᠥᠬᠡᠭᠳᠡᠬᠦᠨ ᠢᠶᠠᠨ ᠨᠡᠩ ᠰᠠᠶᠢᠨ ᠢᠶᠠᠷ ᠤᠯᠠᠮᠵᠢᠯᠠᠨ ᠬᠠᠮᠠᠭᠠᠯᠠᠬᠤ ᠶᠢ ᠪᠡᠶᠡᠯᠡᠬᠦᠯᠤᠨ᠎ᠠ︾ ᠬᠡᠯ᠎ᠠ᠃      ᠤᠢᠢᠯᠠᠭᠠᠭᠰᠠᠨ ᠢᠶᠠᠷ᠂ ᠥᠪᠡᠷᠳᠡᠬᠡᠨ ᠵᠠᠰᠠᠬᠤ ᠤᠷᠤᠨ ᠤ ᠤᠯᠠᠮᠵᠢᠯᠠᠯᠳᠤ ᠭᠠᠷ ᠤᠷᠠᠯᠠᠯ ᠤᠨ ᠠᠵᠢᠯ ᠤᠨ ᠥᠷᠳᠡᠬᠡᠨ ᠤ ᠰᠤᠩᠭᠤᠯᠳᠡ ᠳᠤ ᠪᠠᠰᠠ ᠬᠥᠯᠤᠨ ᠪᠤᠶᠢᠷ ᠬᠤᠳᠠ ᠶᠢᠨ ᠰᠢᠨ᠎ᠠ ᠪᠠᠷᠭᠤ ᠵᠡᠬᠦᠨ ᠬᠤᠰᠢᠭᠤᠨ ᠤ ᠰᠤᠶᠤᠯ ᠤᠨ ᠤᠷᠳᠤᠨ᠂ ᠤᠯᠠᠭᠠᠨᠬᠠᠳᠠ ᠬᠤᠳᠠ ᠶᠢᠨ ᠤᠡᠭᠨᠢᠭᠤᠳ ᠬᠤᠰᠢᠭᠤᠨ ᠤ ᠰᠤᠶᠤᠯ ᠤᠨ ᠤᠷᠳᠤᠨ᠂ ᠰᠢᠯᠢ ᠶᠢᠨ ᠭᠤᠤᠯ ᠠᠶᠢᠮᠠᠭ ᠤᠨ ᠰᠥᠨᠢᠳ ᠵᠡᠬᠦᠨ ᠬᠤᠰᠢᠭᠤᠨ ᠤ ᠰᠤᠶᠤᠯ ᠤᠨ ᠤᠷᠳᠤᠨ ᠵᠡᠷᠬᠡ ᠪᠠᠶᠢᠭᠤᠯᠭ᠎ᠠ ᠨᠢᠬᠡᠴᠢ ᠰᠤᠩᠭᠤᠭᠳᠠᠨ ᠤᠷᠤᠵᠠᠢ᠃ ᠲᠠᠷᠠᠭᠠᠴᠢ ᠶᠢᠨ ᠠᠯᠬᠤᠮ ᠳᠤ ᠮᠠᠨ ᠤ ᠬᠤᠳᠠ ᠪᠤᠳᠠᠰ ᠤᠨ ᠪᠤᠰᠤ ᠰᠤᠶᠤᠯ ᠤᠨ ᠥᠪ ᠤᠨ ᠠᠵᠢᠯ ᠤᠨ ᠬᠠᠮᠠᠭᠠᠯᠠᠯᠳᠡ᠂ ᠤᠯᠠᠮᠵᠢᠯᠠᠯ ᠢ ᠪᠥᠬᠦ ᠬᠥᠴᠥᠨ ᠢᠶᠠᠷ ᠴᠢᠩᠭᠠᠳᠬᠠᠨ᠂ ᠥᠷᠬᠦᠯᠵᠢᠯᠡᠨ ᠰᠢᠯᠢᠳᠡᠭ ᠤᠯᠠᠮᠵᠢᠯᠠᠯᠳᠤ ᠭᠠᠷ ᠤᠷᠠᠯᠠᠯ ᠤᠨ ᠠᠵᠢᠯ ᠤᠨ ᠥᠷᠳᠡᠭᠡ ᠶᠢ ᠪᠠᠶᠢᠭᠤᠯᠵᠤ᠂ ᠪᠤᠳᠠᠰ ᠤᠨ ᠪᠤᠰᠤ ᠰᠤᠶᠤᠯ ᠤᠨ ᠥᠪ ᠤᠨ ᠰᠤᠳᠤᠯᠤᠯ᠂ ᠪᠤᠳᠠᠰ ᠤᠨ ᠪᠤᠰᠤ ᠰᠤᠶᠤᠯ ᠤᠨ ᠥᠪ ᠤᠨ ᠥᠵᠡᠬᠦᠯᠬᠡ᠂ ᠪᠤᠳᠠᠰ ᠤᠨ ᠪᠤᠰᠤ ᠰᠤᠶᠤᠯ ᠤᠨ ᠥᠪ ᠢᠶᠠᠷ ᠶᠠᠳᠠᠭᠤ ᠶᠢ ᠲᠡᠳᠬᠦᠬᠦ ᠵᠡᠷᠬᠡ ᠠᠵᠢᠯ ᠢ ᠤᠶᠠᠯᠳᠤᠭᠤᠯᠤᠨ᠂ ᠮᠠᠨ ᠤ ᠬᠤᠳᠠ ᠶᠢᠨ ᠪᠤᠳᠠᠰ ᠤᠨ ᠪᠤᠰᠤ ᠰᠤᠶᠤᠯ ᠤᠨ ᠥᠪ ᠢᠶᠠᠷ ᠶᠠᠳᠠᠭᠤ ᠶᠢ ᠲᠡᠳᠬᠦᠬᠦ ᠥᠷ ᠎ᠡ ᠪᠥᠳᠥᠮᠵᠢ ᠪᠠ ᠰᠤᠶᠤᠯ ᠵᠤᠭᠠᠴᠠᠯ ᠤᠨ ᠨᠥᠯᠥᠬᠡᠯᠡᠯ ᠤᠨ ᠬᠥᠴᠥᠨ ᠢ ᠲᠡᠬᠡᠭᠰᠢᠯᠡᠬᠦᠯᠬᠦ ᠪᠤᠯᠤᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号