3 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ | ᠳᠤᠭᠤᠶᠢᠯᠠᠩ ᠤᠨ ᠰᠤᠷᠤᠯᠴᠠᠬᠤ ᠬᠤᠷᠠᠯ ᠬᠤᠷᠠᠯᠳᠤᠵᠤ ᠸᠢᠳᠢᠣ᠋ ᠬᠤᠷᠠᠯ ᠤᠨ ᠬᠡᠯᠪᠡᠷᠢ ᠪᠠᠷ ᠪᠥᠬᠦ ᠬᠤᠲᠠ ᠶᠢᠨ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠥᠬᠦ ᠲᠠᠯ᠎ᠠ ᠶᠢᠨ ᠪᠠᠶᠢᠳᠠᠯ ᠢ ᠤᠶᠢᠯᠠᠭᠠᠨ ᠵᠢᠭᠰᠠᠭᠠᠨ | ᠪᠠᠶᠢᠴᠠᠭᠠᠬᠤ ᠪᠤᠯᠪᠠᠰᠤᠷᠠᠯ ᠤᠨ ᠬᠤᠷᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠱᠦᠵᠢ | ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠬᠡᠷ | ᠲᠡᠭᠡᠨ ᠪᠠᠶᠢᠭ᠎ᠠ ᠰᠢᠶᠠᠨ ᠤ ᠲᠠᠰ ᠤᠨ ᠤᠳᠤᠷᠢᠳᠤᠯᠭ᠎ᠠ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠲᠠᠨ᠂ ᠲᠤᠬᠠᠶᠢᠯᠠᠭᠰᠠᠨ ᠠᠵᠢᠯᠳᠠᠨ ᠵᠢᠴᠢ ᠬᠤᠰᠢᠭᠤ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠲᠥᠪ ᠤᠨ ᠪᠥᠬᠦ ᠠᠵᠢᠯᠳᠠᠨ ᠮᠠᠨ ᠤ ᠬᠤᠰᠢᠭᠤᠨ ᠤ ᠭᠤᠤᠯ ᠬᠤᠷᠠᠯ ᠤᠨ ᠲᠠᠯᠠᠪᠠᠶ ᠳᠤ | ᠬᠤᠷᠠᠯ ᠳᠤ ᠣᠷᠣᠯᠴᠠᠪᠠ᠃ | | | | | | | ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠳᠡᠳ᠋ | ᠡᠷᠬᠢᠯᠡᠭᠴᠢ ᠬᠠᠨ ᠵᠢᠶᠠᠨ ᠭᠠᠩ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠶᠢᠨ | ᠴᠢᠬᠤᠯᠠ ᠠᠴᠢ ᠬᠤᠯᠪᠣᠭᠳᠠᠯ᠂ ᠠᠩᠬᠠᠷᠬᠤ ᠵᠦᠶᠯᠡᠰ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠤᠨ ᠲᠤᠬᠠᠶ | ᠲᠠᠶᠢᠯᠤᠮᠵᠢ ᠬᠢᠭᠰᠡᠨ ᠪᠥᠭᠡᠳ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠱᠠᠭᠠᠷᠳᠠᠯᠭ᠎ᠠ | ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠠᠵᠢᠯᠲᠠᠳ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠪᠥᠬᠦ ᠲᠠᠯ᠎ᠠ ᠶᠢᠨ ᠪᠠᠶᠢᠳᠠᠯ ᠢ ᠣᠶᠢᠯᠠᠭᠠᠵᠤ ᠵᠢᠭᠰᠠᠭᠠᠨ | ᠪᠠᠶᠢᠴᠠᠭᠠᠭᠰᠠᠨ ᠮᠡᠳᠡᠭᠡ ᠵᠠᠩᠭᠢ ᠶᠢᠨ ᠪᠠᠶᠢᠴᠠᠭᠠᠯᠲᠠ ᠶᠢᠨ ᠬᠦᠰᠦᠨᠦᠭᠲᠦ ᠶᠢᠨ ᠭᠦᠶᠴᠡᠳᠬᠡᠯ ᠲᠤᠭ᠎ᠠ ᠶᠢᠨ | ᠲᠠᠶᠢᠯᠪᠤᠷᠢᠯᠠᠯᠲᠠ ᠵᠢᠴᠢ ᠬᠦᠰᠦᠨᠦᠭ ᠲᠠᠭᠯᠠᠭᠰᠠᠨ ᠲᠣᠳᠣᠷᠬᠠᠶᠢᠯᠠᠯᠲᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠪᠠ | ᠃ | | | | | | | ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠲᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠤᠯᠬᠤ ᠡᠴᠦᠰ ᠤᠨ ᠵᠢᠯ ᠪᠣᠯᠤᠨ᠎ᠠ᠂ ᠳᠠᠶᠢᠯᠠᠯᠳᠤᠭᠠᠨ | ᠤ ᠰᠢᠢᠳᠪᠦᠷᠢᠲᠦ ᠢᠯᠠᠯᠲᠠ ᠶᠢ ᠤᠯᠬᠤ ᠡᠬᠦᠷᠭᠡ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ ᠰᠠᠳᠭᠢᠯᠭᠡ ᠪᠠᠨ | ᠨᠡᠮᠡᠭᠳᠡᠭᠦᠯᠵᠦ ᠪᠠᠭᠤᠷᠠᠢ ᠭᠤᠭᠴᠤᠭ᠎ᠠ ᠶᠢ ᠡᠷᠢᠨ ᠲᠤᠷᠰᠢᠯᠭ᠎ᠠ ᠪᠠᠨ ᠳ᠋ᠥᠩᠨᠡᠨ ᠡᠭᠦᠷᠭᠡ ᠶᠢ ᠵᠠᠳᠠᠯᠵᠤ ᠬᠠᠷᠢᠭᠤᠴᠠᠯᠭ᠎ᠠ | ᠶᠢ ᠨᠠᠶᠢᠳᠠᠪᠤᠷᠢᠵᠢᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ | ᠬᠤᠭᠤᠴᠠᠭ᠎ᠠ ᠶᠣᠰᠣᠭᠠᠷ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠬᠤᠰᠢᠭᠤ ᠲᠣᠭᠤᠷᠢᠭ | ᠲᠣᠰ ᠭᠠᠵᠠᠷ ᠣᠷᠣᠨ ᠤ ᠪᠠᠨ ᠠᠵᠢᠯ ᠤᠨ ᠡᠭᠦᠷᠭᠡ ᠶᠢ ᠦᠨᠳᠦᠰᠦᠯᠡᠨ ᠪᠤᠯᠪᠠᠰᠤᠷᠠᠯ ᠤᠨ ᠠᠵᠢᠯ ᠢ ᠵᠣᠬᠢᠶᠠᠨ | ᠪᠠᠶᠢᠭᠤᠯᠤᠨ ᠲᠣᠬᠢᠷᠠᠭᠤᠯᠵᠤ ᠶᠠᠳᠠᠭᠤ ᠶᠢ ᠲᠡᠳᠬᠦᠬᠦ ᠲᠥᠷᠥ ᠶᠢᠨ ᠪᠤᠳᠤᠯᠭ᠎ᠠ ᠶᠢ ᠰᠠᠶᠢᠨ ᠣᠶᠢᠯᠠᠭᠠᠵᠤ ᠬᠠᠪᠰᠤᠷᠤᠨ | ᠲᠡᠳᠬᠦᠬᠦ ᠲᠤᠬᠠᠶᠢᠯᠠᠭᠰᠠᠨ ᠠᠵᠢᠯ ᠢ ᠪᠣᠯᠪᠠᠰᠤᠷᠠᠩᠭᠤᠶ ᠡᠵᠡᠮᠰᠢᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨ | ᠨᠡᠮᠡᠭᠳᠡᠬᠦᠯᠵᠤ ᠡᠯ᠎ᠡ ᠵᠦᠶᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ᠂ ᠲᠥᠷᠥ ᠶᠢᠨ ᠪᠣᠳᠣᠯᠭ᠎ᠠ ᠶᠢ | ᠣᠨᠣᠪᠴᠢᠲᠠᠶ ᠨᠠᠶᠢᠳᠠᠪᠤᠷᠢᠵᠢᠭᠤᠯᠤᠨ ᠦᠶᠯᠡᠳᠪᠦᠷᠢᠯᠡᠯ ᠠᠮᠢᠳᠤᠷᠠᠯ ᠳᠤᠮᠳᠠᠬᠢ ᠬᠦᠴᠢᠷ ᠠᠰᠠᠭᠤᠳᠠᠯ ᠢ ᠬᠠᠪᠰᠤᠷᠤᠨ | ᠰᠢᠶᠳᠪᠦᠷᠢᠯᠡᠵᠦ ᠶᠠᠳᠠᠭᠤ ᠬᠦᠴᠢᠷᠳᠡᠯᠲᠡᠶ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠪᠠᠶᠢᠳᠠᠯ ᠢ ᠪᠠᠶᠢᠴᠠᠭᠠᠨ ᠬᠠᠷᠭᠤᠭᠤᠯᠵᠤ ᠠᠰᠠᠭᠤᠳᠠᠯ ᠢ ᠢᠯᠡᠷᠡᠬᠦᠯᠦᠨ ᠶᠠᠳᠠᠭᠤ ᠬᠦᠴᠢᠷᠳᠡᠯᠲᠡᠶ ᠡᠷᠦᠬᠡ ᠶᠢᠨ | ᠣᠳᠣᠬᠢ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠵᠤ ᠲᠠᠷᠠᠭᠠᠴᠢ ᠶᠢᠨ ᠠᠯᠬᠤᠮ ᠤᠨ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠲᠤᠭ᠎ᠠ ᠪᠠᠷᠢᠮᠳᠠ ᠬᠠᠩᠭᠠᠬᠤ ᠬᠡᠷᠡᠭᠲᠡᠶ᠃ ᠠᠰᠠᠭᠤᠳᠠᠯ ᠢᠶᠠᠷ | ᠤᠳᠤᠷᠢᠳᠤᠮᠵᠢ ᠪᠤᠯᠭᠠᠨ ᠴᠡᠭᠴᠡᠯᠡᠨ ᠰᠠᠶᠢᠵᠢᠷᠠᠭᠤᠯᠬᠤ ᠲᠥᠰᠦᠯ ᠢ ᠲᠣᠭᠲᠠᠭᠠᠵᠤ ᠪᠠᠶᠢᠳᠠᠯ ᠢ ᠣᠶᠢᠯᠠᠭᠠᠵᠤ ᠵᠢᠭᠰᠠᠭᠠᠨ | ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠳᠠᠢ ᠪᠠᠶᠠᠯᠠᠭᠦᠯᠤᠨ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠲᠦᠮᠵᠢ ᠦᠶᠯᠡᠳᠦᠯᠭᠡ ᠪᠠ ᠰᠢᠯᠭᠠᠯᠲᠠ ᠶᠢ ᠲᠠᠭᠠᠭᠠᠵᠤ ᠳᠡᠶᠢᠯᠬᠦ | ᠶᠢ ᠪᠠᠲᠤᠯᠠᠬᠤ ᠬᠡᠷᠡᠭᠲᠡᠶ ᠭᠡᠵᠡᠢ᠃ | |