3 ᠰᠠᠷ᠎ᠠ ᠶᠢᠨ 13 ᠤ ᠡᠳᠦᠷ᠂ ᠪᠦᠬᠦ ᠣᠷᠣᠨ ᠤ ᠬᠤᠯᠣᠭᠠᠨ᠎ᠠ ᠶᠢᠨ ᠬᠢᠵᠢᠭ ᠢ ᠰᠡᠷᠬᠡᠶᠢᠯᠡᠨ ᠡᠵᠡᠮᠳᠡᠬᠦ | ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠣᠵᠦ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ | ᠬᠤᠷᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋᠂ | ᠬᠤᠰᠢᠭᠤ ᠳᠡᠳ᠋ ᠳᠠᠷᠤᠭ᠎ᠠ ᠪᠠᠶᠠᠨᠴᠢᠮᠡᠭ ᠵᠢᠴᠢ ᠡᠯ᠎ᠡ ᠰᠣᠮᠣ ᠪᠠᠯᠭᠠᠰᠣ᠂ ᠬᠤᠰᠢᠭᠤ ᠬᠤᠯᠪᠣᠭᠳᠠᠯ ᠪᠦᠬᠦᠢ ᠰᠠᠯᠠᠭ᠎ᠠ | ᠮᠦᠴᠢᠷ ᠤᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ | ᠣᠷᠣᠯᠴᠠᠪᠠ᠃ | | | | | | | ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠬᠦᠯᠡᠭᠴᠢ ᠧᠦ ᠶᠠᠩ ᠰᠢᠶᠣᠣ ᠬᠤᠢ ᠬᠤᠷᠠᠯ ᠳᠤ ᠣᠷᠣᠯᠴᠠᠵᠦ | ᠶᠠᠷᠢᠶ᠎ᠠ ᠲᠠᠯᠪᠢᠵᠠᠢ᠃ ᠡᠸᠤ ᠶᠠᠩ ᠰᠢᠶᠤᠤ ᠬᠤᠢ ᠡᠯ᠎ᠡ ᠭᠠᠵᠠᠷ ᠤᠷᠤᠨ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ | ᠤᠨ ᠬᠢᠨ ᠡᠷᠳᠡ ᠪᠠᠶᠢᠷᠢᠯᠠᠭᠤᠯᠵᠤ ᠡᠷᠳᠡ ᠬᠦᠳᠡᠯᠦᠯᠴᠡᠨ ᠭᠤᠷᠪᠡᠨ ᠲᠠᠪᠬᠤᠷ ᠰᠡᠷᠭᠡᠶᠢᠯᠡᠯᠳᠠ ᠶᠢᠨ ᠱᠤᠭᠤᠮ ᠢ ᠪᠦᠬᠦ | ᠳᠠᠯ᠎ᠠ ᠪᠠᠷ ᠴᠤᠬᠴᠠᠯᠠᠬᠤ ᠪᠦᠭᠡᠳ ᠰᠠᠶᠢᠳᠤᠷ ᠰᠠᠬᠢᠵᠤ ᠬᠤᠯᠣᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ | ᠳᠠᠶᠢᠯᠠᠯᠳᠤᠭᠠᠨ ᠢ ᠰᠠᠶᠢᠳᠤᠷ ᠬᠢᠬᠦ ᠭᠡᠷᠡᠭᠳᠠᠢ᠃ ᠨᠢᠭᠡ ᠳᠤ᠂ ︽ᠬᠤᠯᠣᠭᠠᠨ᠎ᠠ ᠠᠴᠠ ᠬᠦᠮᠦᠨ ᠳᠤ ᠬᠠᠯᠳᠠᠪᠤᠷᠢᠯᠠᠬᠤ︾ | ᠰᠡᠷᠭᠡᠶᠢᠯᠡᠯᠳᠠ ᠶᠢᠨ ᠱᠤᠭᠤᠮ ᠪᠣᠯᠣᠨ᠎ᠠ᠃ ᠡᠯ᠎ᠡ ᠭᠠᠵᠠᠷ ᠤᠷᠤᠨ ᠤ ᠬᠢᠨ ᠠᠮᠢᠳᠠᠨ ᠤ ᠬᠤᠭᠤᠷᠤᠨᠳᠤᠬᠢ ᠬᠢᠵᠢᠭ ᠤᠨ | ᠪᠠᠶᠢᠳᠠᠯ ᠢ ᠬᠢᠨᠠᠨ ᠬᠡᠮᠵᠢᠵᠤ ᠰᠡᠷᠡᠮᠵᠢᠯᠡᠬᠦᠯᠦᠨ ᠠᠶᠤᠯ ᠳᠦᠭᠰᠢᠬᠦᠷᠢ ᠶᠢ ᠴᠠᠭ ᠲᠤᠬᠠᠢ ᠳᠤᠨᠢ ᠤᠷᠢᠳᠴᠢᠯᠡᠨ | ᠰᠡᠷᠡᠮᠵᠢᠯᠡᠬᠦ᠂ ᠴᠠᠭ ᠲᠤᠬᠠᠢ ᠳᠤᠨᠢ ᠰᠠᠨᠠᠭᠤᠯᠭ᠎ᠠ ᠭᠠᠷᠭᠠᠬᠤ᠂ ᠴᠠᠭ ᠲᠤᠬᠠᠢ ᠳᠤᠨᠢ ᠠᠷᠭ᠎ᠠ ᠬᠡᠮᠵᠢᠶ᠎ᠡ ᠠᠪᠬᠤ ᠶᠢ | ᠪᠠᠶᠠᠯᠡᠬᠦᠯᠬᠦ ᠭᠡᠷᠡᠭᠳᠠᠢ᠃ ᠬᠤᠯᠣᠭᠠᠨ᠎ᠠ ᠶᠢ ᠤᠰᠠᠳᠬᠠᠬᠤ ᠬᠤᠯᠤᠭᠠᠨ᠎ᠠ ᠶᠢᠨ ᠰᠢᠷᠭᠡᠭ ᠢ ᠤᠰᠠᠳᠬᠠᠬᠤ ᠠᠵᠢᠯᠯᠠᠭ᠎ᠠ ᠶᠢ | ᠲᠦᠯᠦᠪᠯᠡᠭᠡ ᠲᠠᠢ᠂ ᠠᠯᠬᠤᠮ ᠳᠠᠷᠠᠭ᠎ᠠ ᠲᠠᠢ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠠᠷ ᠬᠠᠮᠠᠭᠠᠯᠠᠯᠳᠠ ᠶᠢᠨ | ᠴᠢᠨᠠᠷᠳᠠᠢ ᠦᠷᠨᠢᠬᠦᠯᠬᠦ ᠶᠢᠨ ᠬᠠᠮᠳᠤ ᠤᠯᠠᠨ ᠲᠦᠮᠡᠨ ᠤ ᠦᠪᠡᠷ ᠢ ᠪᠠᠨ ᠬᠠᠮᠠᠭᠠᠯᠠᠬᠤ ᠤᠬᠠᠮᠰᠠᠷ ᠪᠤᠯᠤᠨ | ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠬᠦᠯᠬᠦ ᠭᠡᠷᠡᠭᠳᠠᠢ᠃ ᠲᠤᠳᠤᠭᠠᠳᠤ ᠶᠢ ᠬᠠᠮᠠᠭᠠᠯᠠᠬᠤ᠂ ᠤᠢ ᠰᠢᠭᠤᠢ | ᠨᠤᠳᠤᠭ ᠪᠡᠯᠴᠢᠭᠡᠷ᠂ ᠵᠠᠬ᠎ᠠ ᠲᠡᠯᠭᠡᠬᠦᠷ᠂ ᠵᠠᠮ ᠬᠠᠷᠢᠯᠴᠠᠭ᠎ᠠ ᠲᠡᠭᠡᠭᠡᠪᠤᠷᠢ ᠵᠡᠷᠭᠡ ᠰᠠᠯᠠᠭ᠎ᠠ ᠮᠦᠴᠢᠷ ᠤᠨ ᠬᠢᠨ | ᠬᠠᠮᠵᠢᠯᠴᠠᠭ᠎ᠠ ᠪᠠᠨ ᠴᠢᠩᠭᠠᠳᠬᠠᠵᠤ ᠬᠡᠬᠡᠷ᠎ᠡ ᠶᠢᠨ ᠠᠮᠢᠳᠠᠨ ᠢᠶᠠᠷ ᠲᠠᠮᠵᠢᠨ ᠬᠤᠯᠣᠭᠠᠨ᠎ᠠ ᠶᠢᠨ ᠬᠢᠵᠢᠭ ᠲᠠᠷᠬᠠᠨ | ᠲᠠᠯᠭᠡᠷᠡᠬᠦ ᠭᠡᠮ ᠰᠤᠭᠤᠭ ᠢ ᠦᠨᠡᠨᠬᠦ ᠠᠷᠢᠯᠭᠠᠬᠤ ᠭᠡᠷᠡᠭᠳᠠᠢ᠃ ᠬᠤᠶᠠᠷ ᠲᠤ᠂ ︽ᠬᠦᠮᠦᠨ ᠠᠴᠠ ᠬᠦᠮᠦᠨ ᠳᠤ | ᠬᠠᠯᠳᠠᠪᠤᠷᠢᠯᠠᠬᠤ︾ ᠰᠡᠷᠭᠡᠶᠢᠯᠡᠯᠳᠡ ᠶᠢᠨ ᠱᠤᠭᠤᠮ ᠪᠣᠯᠣᠨ᠎ᠠ᠃ ᠡᠯ᠎ᠡ ᠭᠠᠵᠠᠷ ᠤᠷᠤᠨ ᠡᠯ᠎ᠡ ᠬᠤᠯᠪᠤᠬᠳᠠᠯ ᠪᠦᠬᠦᠢ | ᠰᠠᠯᠠᠭ᠎ᠠ ᠮᠦᠴᠢᠷ ᠤᠨ ᠬᠢᠨ ᠬᠢᠵᠢᠭ ᠤᠨ ᠪᠠᠶᠢᠳᠠᠯ ᠦᠭᠡᠢ ᠴᠤ ᠮᠡᠳᠡᠬᠦᠯᠬᠦ᠂ ᠠᠵᠢᠯ ᠢᠶᠠᠨ ᠦᠷᠨᠢᠬᠦᠯᠦᠭᠰᠡᠨ | ᠪᠠᠶᠢᠳᠠᠯ ᠢᠶᠠᠨ ᠡᠳᠦᠷ ᠪᠦᠷᠢ ᠮᠡᠳᠡᠬᠦᠯᠬᠦ ᠲᠦᠷᠢᠮ ᠢ ᠦᠷᠬᠦᠯᠵᠢᠯᠡᠨ ᠭᠡᠷᠡᠭᠵᠢᠬᠦᠯᠬᠦ ᠭᠡᠷᠡᠭᠳᠠᠢ᠃ ᠡᠯ᠎ᠡ ᠱᠠᠳᠤᠨ ᠤ | ᠡᠮᠴᠢᠯᠡᠭᠡᠨ ᠤ ᠪᠠᠶᠢᠭᠤᠯᠤᠮᠵᠢ ᠢᠯᠠᠩᠭᠤᠶ᠎ᠠ ᠦᠨᠳᠤᠰᠤᠨ ᠱᠠᠳᠤᠨ ᠤ ᠡᠮᠴᠢᠯᠡᠭᠡᠨ ᠤ ᠪᠠᠶᠢᠭᠤᠯᠤᠮᠵᠢ ᠠᠩᠬ᠎ᠠ | ᠤᠨᠤᠰᠢᠯᠠᠬᠤ ᠬᠠᠷᠢᠭᠤᠴᠠᠯᠭ᠎ᠠ ᠶᠢᠨ ᠲᠦᠷᠢᠮ ᠪᠤᠯᠤᠨ ᠤᠷᠢᠳᠴᠢᠯᠡᠨ ᠪᠠᠶᠢᠴᠠᠭᠠᠵᠤ ᠬᠤᠪᠢᠶᠠᠨ ᠤᠨᠤᠰᠢᠯᠠᠬᠤ᠂ | ᠡᠪᠡᠳᠴᠢᠳᠡᠨ ᠤ ᠡᠮᠴᠢᠯᠡᠬᠦᠯᠦᠭᠰᠡᠨ ᠮᠡᠳᠡᠭᠡ ᠵᠠᠩᠭᠢ ᠶᠢ ᠲᠠᠩᠰᠠᠯᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ | ᠭᠡᠷᠡᠭᠳᠠᠢ᠃ ᠭᠤᠷᠪᠡ ᠳᠤ᠂ ᠪᠡᠭᠡᠵᠢᠩ ᠳᠤ ᠤᠷᠤᠬᠤ ᠦᠪᠤᠷ ᠮᠤᠩᠭᠤᠯ ᠠᠴᠠ ᠭᠠᠷᠬᠤ ᠰᠡᠷᠭᠡᠶᠢᠯᠡᠯᠳᠠ ᠶᠢᠨ ᠱᠤᠭᠤᠮ | ᠪᠣᠯᠣᠨ᠎ᠠ᠃ ᠡᠯ᠎ᠡ ᠱᠠᠳᠤᠨ ᠤ ᠡᠮᠴᠢᠯᠡᠭᠡᠨ ᠤ ᠪᠠᠶᠢᠭᠤᠯᠤᠮᠵᠢ ᠣᠨᠣᠰᠢᠯᠠᠨ ᠵᠢᠭᠰᠠᠭᠠᠨ ᠪᠠᠶᠢᠴᠠᠭᠠᠬᠤ ᠪᠣᠭᠤᠮᠳᠠ ᠶᠢ | ᠴᠢᠩᠭ᠎ᠠ ᠰᠠᠬᠢᠵᠤ ᠡᠪᠡᠳᠴᠢᠳᠡᠨ ᠤ ᠡᠮᠨᠡᠯᠭᠡ ᠶᠢᠨ ᠬᠤᠷᠢᠶ᠎ᠠ ᠰᠢᠯᠵᠢᠨ ᠡᠮᠨᠡᠬᠦᠯᠬᠦ ᠳᠠᠷᠠᠭᠠᠯᠠᠯ ᠢ ᠵᠢᠷᠤᠮᠵᠢᠭᠤᠯᠬᠤ | ᠬᠡᠷᠡᠭᠳᠡᠢ᠃ ᠲᠠᠮᠤᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠲᠤᠳᠤᠭᠠᠳᠤ ᠶᠢ ᠬᠠᠮᠠᠭᠠᠯᠠᠬᠤ ᠪᠤᠯᠤᠨ ᠡᠷᠡᠬᠦᠯ | ᠬᠠᠮᠠᠭᠠᠯᠠᠯ ᠡᠷᠡᠬᠦᠯ ᠮᠠᠨᠳᠤ ᠵᠡᠷᠭᠡ ᠰᠠᠯᠠᠭ᠎ᠠ ᠮᠦᠴᠢᠷ ᠤᠨ ᠬᠢᠨ ᠪᠡᠭᠡᠵᠢᠩ ᠳᠤ ᠤᠷᠤᠬᠤ ᠮᠠᠰᠢᠨ ᠲᠡᠷᠭᠡ ᠪᠤᠯᠤᠨ | ᠬᠦᠮᠦᠰ ᠤᠨ ᠬᠠᠮᠢᠶᠡᠷᠤᠯᠳᠠ ᠡᠵᠡᠮᠳᠡᠯ ᠢᠶᠠᠨ ᠦᠷᠬᠦᠯᠵᠢᠯᠡᠨ ᠴᠢᠩᠭᠠᠳᠬᠠᠵᠤ ᠡᠪᠡᠳᠴᠢᠨ ᠢᠶᠠᠷ ᠦᠬᠦᠭᠰᠡᠨ | ᠬᠡᠬᠡᠷ᠎ᠡ ᠶᠢᠨ ᠠᠮᠢᠳᠠᠨ ᠢ ᠳᠡᠭᠡᠭᠡᠪᠦᠷᠢᠯᠡᠨ ᠶᠠᠪᠣᠵᠦ ᠪᠠᠶᠢᠭ᠎ᠠ ᠮᠠᠰᠢᠨ ᠲᠡᠷᠭᠡ ᠶᠢ ᠤᠭᠳᠤ ᠤᠷᠤᠭᠤᠯᠵᠤ ᠪᠤᠯᠬᠤ ᠦᠭᠡᠢ᠂ | ᠬᠠᠯᠳᠠᠪᠤᠷᠢᠳᠤ ᠡᠪᠡᠳᠴᠢᠳᠡᠨ ᠢ ᠪᠡᠭᠡᠵᠢᠩ ᠳᠤ ᠤᠷᠤᠭᠤᠯᠵᠤ ᠦᠪᠤᠷ ᠮᠤᠩᠭᠤᠯ ᠠᠴᠠ ᠭᠠᠷᠭᠠᠵᠤ ᠤᠭᠳᠤ ᠪᠤᠯᠬᠤ | ᠦᠭᠡᠢ ᠭᠡᠵᠤ ᠴᠢᠬᠤᠯᠠᠴᠢᠯᠠᠪᠠ᠃ | | | | | | | ᠭᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠢᠯ ᠢᠶᠠᠨ ᠰᠡᠷᠬᠦᠬᠡᠵᠦ ᠦᠢᠯᠡᠳᠪᠦᠷᠢᠯᠡᠯ ᠢᠶᠠᠨ | ᠰᠡᠷᠬᠦᠬᠡᠬᠦ ᠶᠢ ᠣᠯᠠᠮ ᠨᠢᠬᠡ ᠠᠯᠬᠤᠮ ᠴᠢᠩᠭᠠᠷᠠᠭᠤᠯᠬᠤ ᠳᠣᠬᠠᠢ ᠵᠣᠣ ᠹᠧᠢ ᠯᠣ᠋ ᠴᠢᠬᠤᠯᠠᠴᠢᠯᠠᠬᠤ ᠳᠠᠭᠠᠨ᠂ | ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠠᠵᠣ ᠠᠬᠤᠶᠢᠯᠠᠯ᠂ ᠬᠤᠪᠢ ᠶᠢᠨ ᠡᠵᠡᠩᠨᠡᠯᠳᠡ ᠪᠠ ᠠᠵᠢᠯ ᠢᠶᠠᠨ | ᠰᠡᠷᠬᠦᠬᠡᠵᠦ ᠦᠢᠯᠡᠳᠪᠦᠷᠢᠯᠡᠯ ᠢᠶᠠᠨ ᠰᠡᠷᠬᠦᠬᠡᠵᠦ ᠪᠠᠶᠢᠭ᠎ᠠ ᠬᠦᠮᠦᠰ᠂ ᠠᠵᠢᠯ ᠤᠨ ᠪᠠᠶᠢᠷᠢᠨ ᠳᠠᠭᠠᠨ ᠪᠣᠴᠠᠵᠦ ᠪᠠᠶᠢᠭ᠎ᠠ | ᠬᠦᠮᠦᠰ ᠢ ᠨᠠᠷᠢᠨ ᠨᠢᠮᠪᠠᠢ ᠬᠠᠮᠢᠶᠠᠷᠣᠨ ᠡᠵᠡᠮᠳᠡᠵᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠳᠠᠬᠢᠨ | ᠨᠠᠶᠢᠳᠠᠪᠣᠷᠢᠵᠢᠭᠤᠯᠵᠦ ᠭᠤᠷᠪᠠᠳᠣᠭᠠᠷ ᠠᠵᠣ ᠦᠢᠯᠡᠰ ᠤᠨ ᠦᠢᠯᠡᠴᠢᠯᠡᠬᠡᠨ ᠤ ᠠᠵᠢᠯᠳᠠᠨ ᠤ ᠦᠢᠯᠡᠳᠪᠦᠷᠢᠯᠡᠯ ᠢᠶᠠᠨ | ᠰᠡᠷᠬᠦᠬᠡᠬᠦ ᠳᠣᠬᠠᠢ ᠵᠠᠪᠠᠯ ᠭᠤᠷᠪᠠᠳᠣᠭᠠᠷ ᠠᠵᠣ ᠦᠢᠯᠡᠰ ᠤᠨ ᠦᠢᠯᠡᠴᠢᠯᠡᠬᠡᠨ ᠤ ᠠᠵᠢᠯᠳᠠᠨ ᠤ ᠵᠦᠭᠯᠡᠬᠦᠷ ᠢ | ᠬᠦᠨᠵᠡᠬᠡᠢ ᠰᠣᠷᠣᠯᠴᠠᠵᠦ ᠴᠢᠩᠭ᠎ᠠ ᠬᠡᠷᠡᠭᠵᠢᠬᠦᠯᠦᠨ ᠨᠠᠶᠢᠳᠠᠪᠣᠷᠢᠵᠢᠭᠤᠯᠬᠤ ᠬᠡᠷᠡᠭᠲᠡᠢ᠃ ᠬᠢᠯᠢ ᠶᠢᠨ ᠭᠠᠳᠠᠨ᠎ᠠ ᠠᠴᠠ | ᠪᠣᠴᠠᠵᠦ ᠢᠷᠡᠭᠰᠡᠨ ᠬᠦᠮᠦᠰ ᠤᠨ ᠳᠣᠬᠠᠢ ᠪᠣᠳᠠᠳᠣ ᠪᠠᠶᠢᠳᠠᠯ ᠢ ᠦᠨᠳᠦᠰᠦᠯᠡᠨ ᠳᠡᠭᠡᠲᠦ ᠱᠠᠳᠣᠨ ᠤ ᠬᠤᠯᠪᠣᠭᠳᠠᠯ | ᠪᠦᠬᠦᠢ ᠳᠣᠭᠳᠠᠭᠠᠯ ᠲᠠᠢ ᠤᠶᠠᠯᠳᠤᠭᠤᠯᠵᠤ ᠣᠬᠠᠭᠤᠯᠭ᠎ᠠ ᠬᠦᠮᠦᠵᠢᠯ ᠤᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ | ᠬᠡᠪᠡ᠃ |