ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠵᠤ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠷᠠᠳ ᠤᠨ ᠠᠮᠢᠳᠤᠷᠠᠯ ᠤᠨ | ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ ᠮᠠᠨ ᠤ ᠬᠤᠰᠢᠭᠤᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠪᠥᠬᠦ | ᠬᠤᠰᠢᠭᠤᠨ ᠤ ᠭᠤᠷᠪᠠᠳᠤᠭᠠᠷ ᠠᠵᠤ ᠦᠶᠯᠡᠰ ᠪᠣᠯᠬᠤ ᠦᠶᠯᠡᠴᠢᠯᠡᠭᠡᠨ ᠤ ᠦᠶᠯᠡᠰ ᠤᠨ ᠡᠵᠡᠩᠨᠡᠯᠲᠡ ᠶᠢ ᠰᠡᠷᠬᠦᠭᠡᠬᠦ | ᠠᠵᠢᠯ ᠤᠨ ᠲᠤᠬᠠᠢ ᠠᠬᠢᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ | ᠬᠤᠷᠠᠯ ᠠᠴᠠ ᠵᠢᠭᠠᠬᠤ ᠳᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ | ᠪᠠᠷ ᠴᠢᠬᠤᠯᠠᠴᠢᠯᠠᠵᠤ ᠡᠯ᠎ᠡ ᠰᠡᠷᠭᠡᠶᠢᠯᠡᠨ ᠡᠵᠡᠮᠳᠡᠬᠦ ᠲᠤᠭᠤᠷᠢᠭ ᠤᠨ ᠳᠠᠭᠠᠭᠠᠴᠢᠯᠠᠨ ᠬᠠᠷᠢᠭᠤᠴᠠᠵᠤ ᠪᠠᠶᠢᠭ᠎ᠠ | ᠪᠠᠶᠢᠭᠤᠯᠭ᠎ᠠ ᠨᠢᠭᠡᠴᠢ ᠶᠢᠨ ᠬᠢᠨ ᠭᠠᠳᠠᠨ᠎ᠠ ᠠᠴᠠ ᠢᠷᠡᠭᠰᠡᠨ ᠬᠥᠮᠦᠰ ᠤᠨ ᠬᠠᠮᠢᠶᠠᠷᠤᠯᠲᠠ ᠪᠠᠨ ᠴᠢᠩᠭᠠᠳᠬᠠᠵᠤ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠡᠭᠲᠡᠶ᠃ ᠠᠵᠢᠯᠯᠠᠬᠤ ᠪᠠᠷ ᠪᠤᠴᠠᠭᠰᠠᠳ ᠲᠤ ᠪᠠᠶᠢᠴᠠᠭᠠᠯᠲᠠ ᠬᠢᠨᠠᠯᠲᠠ | ᠲᠠᠯᠪᠢᠬᠤ ᠠᠵᠢᠯ ᠢ ᠦᠷᠭᠦᠯᠵᠢᠯᠡᠨ ᠰᠠᠶᠢᠲᠤᠷ ᠬᠢᠵᠦ ᠨᠠᠷᠢᠨ ᠲᠣᠳᠣᠷᠬᠠᠶ ᠲᠡᠮᠳᠡᠭᠯᠡᠬᠦ ᠶᠢᠨ ᠬᠠᠮᠲᠤ ᠲᠤᠰᠠᠭᠠᠷᠯᠠᠬᠤ | ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠶ᠃ ᠡᠷᠡᠭᠦᠯ ᠬᠠᠮᠠᠭᠠᠯᠠᠯ ᠪᠣᠯᠤᠨ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠵᠤ ᠣᠷᠴᠢᠨ ᠲᠣᠭᠤᠷᠢᠨ ᠢ | ᠬᠠᠶᠢᠷᠠᠯᠠᠨ ᠬᠠᠮᠠᠭᠠᠯᠠᠬᠤ ᠶᠢ ᠤᠬᠠᠭᠤᠯᠤᠨ ᠪᠦᠬᠦ ᠠᠷᠠᠳ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠢ ᠨᠢ | ᠨᠡᠮᠡᠭᠳᠡᠭᠦᠯᠬᠦ ᠬᠡᠷᠡᠭᠲᠡᠶ ᠭᠡᠵᠡᠢ᠃ | ᠬᠤᠷᠠᠯ ᠠᠴᠠ ᠵᠢᠭᠠᠭᠰᠠᠨ ᠨᠢ᠂ ᠭᠤᠷᠪᠠᠳᠤᠭᠠᠷ ᠠᠵᠤ ᠦᠶᠯᠡᠰ ᠪᠣᠯᠬᠤ ᠦᠶᠯᠡᠴᠢᠯᠡᠭᠡᠨ ᠤ ᠦᠶᠯᠡᠰ ᠨᠢ | ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠳᠤ ᠬᠤᠯᠪᠣᠭᠳᠠᠵᠤ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ | ᠬᠤᠯᠪᠤᠭᠳᠠᠨ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ ᠠᠵᠢᠯ ᠣᠯᠭᠤᠯᠲᠠ ᠶᠢ ᠥᠷᠭᠡᠳᠬᠡᠬᠦ᠂ | ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠲᠤᠭᠤᠷᠢᠭ | ᠤᠨ ᠬᠢᠨᠠᠨ ᠬᠠᠮᠢᠶᠠᠷᠬᠤ ᠪᠠᠶᠢᠭᠤᠯᠭ᠎ᠠ ᠨᠢᠭᠡᠴᠢ ᠸᠢᠴᠠᠲ ᠵᠡᠷᠭᠡ ᠶᠢ ᠠᠰᠢᠭᠯᠠᠨ ᠡᠳᠦᠷ ᠪᠦᠷᠢ ᠲᠣᠭᠲᠠᠭᠰᠠᠨ ᠴᠠᠭ ᠲᠤ | ᠰᠠᠭᠤᠭᠠᠯᠢ ᠠᠷᠠᠳ ᠤᠨ ᠶᠠᠪᠤᠵᠤ ᠰᠠᠭᠤᠬᠤ ᠪᠠᠶᠢᠳᠠᠯ ᠢ ᠤᠶᠢᠯᠠᠭᠠᠵᠤ ᠬᠠᠷᠢᠭᠤᠴᠠᠬᠤ ᠣᠷᠣᠨ ᠲᠤᠭᠤᠷᠢᠭ ᠤᠨ ᠣᠯᠠᠨ | ᠲᠦᠮᠡ ᠤ ᠬᠥᠳᠡᠯᠭᠡᠭᠡᠨ ᠤ ᠪᠠᠶᠢᠳᠠᠯ ᠢ ᠨᠠᠷᠢᠨ ᠪᠣᠳᠠᠲᠠᠶ ᠡᠵᠡᠮᠰᠢᠨ ᠢᠯᠠᠩᠭᠤᠶ᠎ᠠ ᠭᠠᠳᠠᠨ᠎ᠠ ᠠᠴᠠ ᠢᠷᠡᠭᠰᠡᠨ | ᠬᠥᠮᠦᠰ ᠤᠨ ᠪᠠᠶᠢᠳᠠᠯ ᠢ ᠴᠢᠩᠭ᠎ᠠ ᠠᠩᠬᠠᠷᠴᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠨ ᠬᠠᠮᠢᠶᠠᠷᠤᠯᠲᠠ ᠶᠢᠨ ᠦᠢᠯᠡᠳᠦᠯ ᠬᠡᠷᠡᠭᠴᠡᠭᠡ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ | ᠬᠤᠰᠢᠭᠤ ᠳᠡᠳ᠋ ᠳᠠᠷᠤᠭ᠎ᠠ ᠪᠠᠶᠠᠨᠴᠢᠮᠡᠭ᠂ ᠯᠢᠦ ᠵᠧᠩ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ | ᠰᠠᠯᠠᠭ᠎ᠠ ᠮᠥᠴᠢᠷ ᠪᠣᠯᠤᠨ ᠭᠠᠯᠠᠭᠤᠲᠤ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ |