ᠰᠢᠨ᠎ᠡ ᠲᠢᠳᠢᠮᠯᠢᠭ ᠠᠭᠤᠰᠬᠢᠨ ᠦᠷᠪᠢᠰᠣᠯ ᠢ ᠰᠠᠷᠭᠡᠶᠢᠯᠠᠨ ᠡᠵᠡᠮᠳᠠᠭᠦ ᠵᠠᠩᠬᠢᠯᠠᠭ᠎ᠠ ᠶᠢᠨ ᠮᠦᠴᠡ ᠳᠤ ᠮᠠᠨ ᠤ | ᠬᠤᠰᠢᠭᠤ ᠣᠯᠠᠨ ᠳᠦᠮᠡᠨ ᠤ ᠪᠣᠳᠠᠳᠡᠢ ᠬᠦᠴᠢᠷᠳᠡᠯ ᠢ ᠰᠢᠢᠳᠪᠦᠷᠢᠯᠡᠬᠦ ᠰᠠᠶᠢᠨ ᠲᠣᠷ᠎ᠠ ᠶᠢᠨ ᠣᠶᠢᠯᠡᠴᠢᠯᠡᠭᠡᠨ ᠤ | ᠠᠩᠬᠢ ᠶᠢ ᠵᠣᠬᠢᠶᠠᠨ ᠪᠠᠶᠢᠭᠤᠯᠵᠣ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠵᠤ ᠪᠠᠶᠢᠨ᠎ᠠ᠃ | ᠤᠶᠢᠷ᠎ᠠ ᠶᠢᠨ ᠡᠳᠦᠷ᠂ ᠮᠠᠨ ᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠵᠣᠬᠢᠶᠠᠨ | ᠪᠠᠶᠢᠭᠤᠯᠣᠭᠰᠠᠨ ᠰᠠᠶᠢᠨ ᠲᠤᠷᠠᠴᠤᠳ ᠤᠨ ᠪᠦᠯᠬᠦᠮ ᠨᠢ ᠬᠢᠵᠢᠭ ᠢ ᠡᠰᠡᠷᠭᠦᠴᠡᠬᠦ ᠪᠠᠷ ᠦᠬᠠᠨ ᠬᠤᠲᠠ ᠶᠢᠨ ᠡᠮᠦᠨ᠎ᠡ | ᠹᠷᠣᠨᠲ ᠳᠤ ᠳᠣᠰᠠᠯᠠᠨ ᠡᠮᠴᠢᠯᠠᠬᠦ ᠪᠠᠷ ᠶᠠᠪᠣᠭᠰᠠᠨ ᠭᠦᠸᠧ ᠰᠢᠶᠣᠣ ᠪᠢᠡᠭ ᠡᠮᠴᠢ ᠶᠢᠨ ᠭᠡᠷ ᠲᠤ ᠬᠦᠷᠴᠦ ᠭᠡᠷ ᠤᠨ | ᠭᠥᠮᠤᠰ ᠢ ᠨᠢ ᠪᠤᠯᠭᠤᠭᠠᠨ ᠳᠣᠬᠤᠨᠢᠭᠤᠯᠬᠤ ᠶᠢᠨ ᠬᠠᠮᠲᠣ ᠭᠡᠷ ᠤᠷᠤᠨ ᠢ ᠨᠢ ᠬᠠᠪᠰᠤᠷᠤᠨ ᠴᠡᠪᠡᠷᠯᠡᠵᠤ ᠦᠭᠭᠦᠯ᠎ᠡ᠃ | ᠭᠦᠸᠧ ᠰᠢᠶᠣᠣ ᠪᠢᠡᠭ ᠡᠮᠴᠢ ᠶᠢᠨ ᠪᠦᠰᠡᠬᠦᠢ ᠾᠧ ᠰᠢᠶᠠ ᠪᠤᠯ ᠮᠠᠨ ᠤ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠳᠣᠪᠴᠢᠶᠠᠨ ᠤ ᠳᠣᠮᠢᠯᠠᠭᠰᠠᠨ ᠰᠠᠯᠪᠣᠷᠢ ᠶᠢᠨ ᠴᠠᠭᠳᠠᠭ᠎ᠠ ᠪᠤᠯᠤᠨ᠎ᠠ᠃ ᠵᠢᠷᠮᠦᠰᠦᠯᠡᠭᠡᠳ ᠲᠤᠯᠤᠭᠠᠨ ᠰᠠᠷ᠎ᠠ | ᠪᠤᠯᠤᠭᠰᠠᠨ ᠾᠧ ᠰᠢᠶᠠ ᠭᠦᠸᠧ ᠰᠢᠶᠣᠣ ᠪᠢᠡᠭ ᠢ ᠦᠬᠠᠨ ᠳᠤ ᠶᠠᠪᠣᠭᠰᠠᠨ ᠤ ᠳᠠᠷᠠᠭ᠎ᠠ ᠭᠡᠷ ᠲᠡᠭᠡᠨ ᠰᠠᠭᠤᠵᠣ | ᠠᠮᠠᠷᠠᠬᠤ ᠪᠠᠶᠢᠭᠤᠯᠭ᠎ᠠ ᠶᠢᠨ ᠲᠤᠬᠢᠷᠠᠭᠤᠯᠤᠯᠲᠠ ᠶᠢ ᠲᠡᠪᠴᠢᠨ ᠰᠠᠭᠤᠭᠠᠯᠢ ᠲᠤᠭᠤᠷᠢᠭ ᠢᠶᠠᠷ ᠬᠦᠷᠴᠤ ᠪᠠᠶᠢᠴᠠᠭᠠᠬᠤ | ᠠᠵᠢᠯ ᠢ ᠬᠢᠵᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠦᠪᠡᠷ ᠤᠨ ᠭᠡᠰᠡᠨ ᠬᠦᠴᠦ ᠪᠠᠨ ᠡᠷᠬᠦᠵᠤ ᠪᠠᠶᠢᠭ᠎ᠠ | ᠡᠳᠡ ᠬᠤᠶᠠᠭᠤᠯᠠ ᠶᠢᠨ ᠭᠤᠶᠠᠴᠢ ᠦᠬᠡᠢ ᠵᠣᠷᠢᠭ ᠰᠠᠨᠠᠭ᠎ᠠ ᠣᠯᠠᠨ ᠳᠦᠮᠡᠨ ᠪᠣᠯᠣᠨ ᠰᠠᠶᠢᠨ ᠲᠤᠷᠠᠴᠤᠳ ᠤᠨ | ᠰᠣᠷᠣᠯᠴᠠᠬᠤ ᠳᠠᠭᠤᠷᠢᠶᠠᠯ ᠪᠤᠯᠤᠭᠰᠠᠨ ᠪᠠᠶᠢᠨ᠎ᠠ᠃ | ᠡᠭᠦᠨ ᠲᠠᠢ ᠠᠳᠠᠯᠢ ᠪᠠᠷ ᠭᠠᠯᠠᠭᠤᠲᠤ ᠪᠠᠯᠭᠠᠰᠤᠨ ᠤ ᠰᠠᠶᠢᠨ ᠳᠣᠷᠠᠴᠣᠣᠯ ᠤᠨ ᠠᠩᠬᠢ ᠴᠦ ᠤᠷᠴᠢᠮ ᠠᠴᠠ | ᠮᠤᠳᠤᠨᠴᠠᠶᠢᠳᠠᠮ ᠲᠤᠰᠬᠤᠨ ᠤ ᠶᠠᠳᠠᠭᠤ ᠭᠦᠴᠢᠷᠳᠡᠯᠲᠡᠢ ᠡᠷᠦᠬᠡ ᠳᠤ ᠬᠦᠷᠴᠤ ᠠᠮᠢᠳᠤᠷᠠᠯ ᠤᠨ ᠭᠡᠷᠡᠭᠰᠡᠯ ᠬᠦᠷᠭᠡᠬᠦ | ᠶᠢᠨ ᠬᠠᠮᠲᠤ ᠭᠡᠷ ᠤᠨ ᠲᠤᠲᠤᠷ᠎ᠠ ᠭᠠᠳᠠᠨᠠᠭᠢ ᠶᠢ ᠴᠡᠪᠡᠷᠯᠡᠬᠦ᠂ ᠦᠰᠦ ᠬᠠᠶᠢᠴᠢᠯᠠᠬᠤ ᠵᠡᠷᠭᠡ ᠲᠠᠯ᠎ᠠ ᠪᠠᠷ | ᠣᠶᠢᠯᠡᠴᠢᠯᠡᠬᠦ ᠶᠢᠨ ᠳᠠᠭᠠᠣ ᠬᠢᠵᠢᠭ ᠢ ᠰᠡᠷᠭᠡᠶᠢᠯᠡᠬᠦ ᠤᠬᠠᠭᠤᠯᠭ᠎ᠠ ᠬᠢᠭᠰᠡᠨ ᠪᠠᠶᠢᠨ᠎ᠠ᠃ | ᠤᠶᠢᠯᠠᠭᠠᠭᠰᠠᠨ ᠢᠶᠠᠷ᠂ ᠬᠢᠵᠢᠭ ᠢ ᠰᠡᠷᠭᠡᠶᠢᠯᠡᠨ ᠡᠵᠡᠮᠳᠡᠬᠦ ᠵᠠᠩᠬᠢᠯᠠᠭ᠎ᠠ ᠶᠢᠨ ᠮᠦᠴᠡ ᠳᠤ ᠮᠠᠨ ᠤ ᠬᠤᠰᠢᠭᠤ | 45 ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠦᠷᠲᠡᠭᠡ ᠶᠢ ᠪᠠᠶᠢᠭᠤᠯᠵᠤ 126 ᠰᠠᠶᠢᠨ | ᠲᠤᠷᠠᠴᠤᠳ ᠤᠨ ᠳᠣᠭᠤᠶᠢᠯᠠᠩ ᠤᠨ 1890 ᠨᠡᠷ᠎ᠡ ᠰᠠᠶᠢᠨ ᠲᠤᠷᠠᠴᠤᠳ ᠲᠠᠢ ᠪᠣᠯᠵᠤ ᠤᠯᠠᠨ ᠲᠠᠯ᠎ᠠ ᠶᠢᠨ ᠰᠠᠶᠢᠨ | ᠲᠤᠷ᠎ᠠ ᠶᠢᠨ ᠣᠶᠢᠯᠡᠴᠢᠯᠡᠭᠡ ᠶᠢ ᠬᠠᠩᠭᠠᠭᠰᠠᠨ ᠪᠠᠶᠢᠨ᠎ᠠ᠃ | |