ᠲᠤᠭᠤᠷᠢᠮ ᠭᠠᠴᠠᠭᠠᠨ ᠤ ᠶᠠᠳᠠᠭᠤ ᠶᠢ ᠲᠡᠳᠭᠦᠭᠦ 5 ᠰᠠᠶ᠎ᠠ ᠸᠠᠲ ᠨᠡᠷᠡᠨ ᠭᠡᠷᠡᠯ ᠤᠨ ᠴᠠᠭᠢᠯᠭᠠᠨ ᠭᠠᠷᠭᠠᠬᠤ | ᠦᠷᠳᠡᠭᠡ ᠶᠢᠨ ᠲᠦᠷᠦᠯ ᠵᠦᠢᠯ ᠨᠢ ᠤᠢᠢᠷᠠᠳᠤᠬᠠᠨ ᠪᠦᠭᠦ ᠲᠡᠯ᠎ᠡ ᠪᠠᠷ ᠠᠵᠢᠯ ᠢᠶᠠᠨ ᠰᠡᠷᠭᠦᠭᠡᠨ ᠦᠢᠯᠡᠳᠪᠤᠷᠢᠯᠡᠯ ᠢᠶᠠᠨ | ᠰᠡᠷᠭᠦᠭᠡᠵᠤ᠂ ᠨᠡᠷᠡᠨ ᠭᠡᠷᠡᠯ ᠤᠨ ᠬᠠᠪᠳᠠᠰᠤ ᠪᠠᠷ ᠴᠠᠭᠢᠯᠭᠠᠨ ᠲᠤᠤᠷ ᠢ ᠨᠡᠶᠢᠯᠡᠭᠦᠯᠦᠨ ᠴᠠᠭᠢᠯᠭᠠᠨ ᠭᠠᠷᠭᠠᠵᠤ᠂ | ᠲᠤᠬᠠᠢ ᠶᠢᠨ ᠭᠠᠵᠠᠷ ᠤᠨ ᠮᠠᠯᠴᠢᠨ ᠲᠠᠷᠢᠶᠡᠴᠢᠳ ᠢ ᠲᠤᠬᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ | ᠦᠷᠭᠦᠯᠵᠢᠯᠡᠨ ᠤᠷᠤᠯᠭ᠎ᠠ ᠶᠢ ᠨᠢ ᠨᠡᠮᠡᠭᠳᠡᠭᠦᠯᠭᠦ ᠪᠤᠯᠤᠨ᠎ᠡ᠃ | ᠲᠤᠭᠤᠷᠢᠮ ᠭᠠᠴᠠᠭᠠᠨ ᠤ 5 ᠰᠠᠶ᠎ᠡ ᠸᠠᠲ ᠨᠡᠷᠡᠨ ᠭᠡᠷᠡᠯ ᠢᠶᠠᠷ ᠴᠠᠭᠢᠯᠭᠠᠨ ᠭᠠᠷᠭᠠᠬᠤ ᠲᠦᠷᠦᠯ ᠵᠦᠢᠯ ᠤᠨ | ᠠᠬᠤᠢ ᠲᠡᠯᠡᠪᠡᠢ ᠳᠤ ᠠᠵᠢᠯᠴᠢᠳ ᠲᠡᠰ ᠲᠠᠷᠠᠭᠠᠯᠡᠨ ᠮᠦᠷᠯᠡᠨ ᠵᠢᠬᠰᠠᠵᠤ ᠪᠠᠶ᠎ᠡ ᠶᠢᠨ ᠬᠠᠯᠠᠭᠤᠨ ᠢᠶᠠᠨ ᠭᠡᠮᠵᠢᠭᠦ ᠪᠡ | ᠴᠢᠮᠡᠭᠡ ᠵᠠᠩᠭᠢ ᠪᠠᠨ ᠲᠡᠩᠰᠡᠯᠡᠨ ᠲᠡᠮᠳᠡᠭᠯᠡᠵᠤ ᠡᠮᠭᠢ ᠲᠢᠭᠯᠢᠮ ᠲᠠᠢ ᠪᠠᠷ ᠠᠵᠢᠯᠯᠠᠵᠠᠭᠠᠨ᠎ᠠ᠃ | ᠰᠦᠯᠳᠡ ᠰᠤᠮᠤᠨ ᠤ ᠨᠠᠮ ᠤᠨ ᠬᠤᠷᠢᠶᠡᠨ ᠤ ᠱᠦᠵᠢ ᠨᠡᠷᠡᠰᠤ᠄ ︽ᠪᠢᠳᠡ ᠴᠠᠭ ᠢ ᠠᠮᠵᠢᠨ | ᠦᠢᠯᠡᠳᠪᠤᠷᠢᠯᠡᠯ ᠢᠶᠠᠨ ᠰᠡᠷᠭᠦᠭᠡᠨ᠂ ᠭᠢᠵᠢᠭ ᠤᠨ ᠪᠠᠶᠢᠳᠡᠯ ᠢ ᠨᠢᠬᠳᠡ ᠴᠢᠩᠭ᠎ᠠ ᠭᠢᠨᠡᠨ ᠭᠡᠮᠵᠢᠭᠦ᠂ ᠤᠷᠢᠳᠴᠢᠯᠡᠨ | ᠰᠡᠷᠡᠮᠵᠢᠯᠡᠭᠦᠯᠭᠦ ᠵᠡᠷᠭᠡ ᠠᠵᠢᠯ ᠢ ᠰᠠᠶᠢᠳᠤᠷ ᠭᠢᠭᠰᠡᠨ ᠤ ᠰᠠᠭᠤᠷᠢᠨ ᠲᠡᠭᠡᠷ᠎ᠡ᠂ ᠨᠡᠷᠡᠨ ᠭᠡᠷᠡᠯ ᠢᠶᠠᠷ ᠴᠠᠭᠢᠯᠭᠠᠨ ᠭᠠᠷᠭᠠᠬᠤ | ᠠᠵᠤ ᠠᠬᠤᠢᠢᠯᠡᠯ ᠲᠠᠢ ᠬᠠᠷᠢᠯᠴᠡᠨ ᠡᠷᠳᠡᠭᠡᠨ ᠴᠠᠭᠢᠯᠭᠠᠨ ᠲᠤᠤᠷ ᠢ ᠨᠡᠶᠢᠯᠡᠭᠦᠯᠦᠨ ᠴᠠᠭᠢᠯᠭᠠᠨ ᠭᠠᠷᠭᠠᠵᠤ᠂ | ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠦᠷ᠎ᠡ ᠪᠦᠳᠦᠮᠵᠢ ᠶᠢ ᠦᠷᠭᠦᠯᠵᠢᠯᠡᠨ ᠪᠠᠭᠢᠵᠢᠭᠦᠯᠤᠨᠡ︾ ᠭᠡᠵᠤ | ᠪᠠᠶᠢᠯ᠎ᠠ᠃ | ᠲᠤᠭᠤᠷᠢᠮ ᠭᠠᠴᠠᠭ᠎ᠠ ᠶᠢᠨ ᠶᠠᠳᠠᠭᠤ ᠶᠢ ᠲᠡᠳᠬᠦᠬᠦ 5 ᠰᠠᠶ᠎ᠠ ᠸᠠᠲ ᠲᠠᠷᠬᠠᠮᠠᠯ ᠬᠡᠯᠪᠡᠷᠢ ᠶᠢᠨ ᠨᠠᠷᠠᠨ ᠬᠡᠷᠡᠯ ᠢᠶᠠᠷ | ᠴᠠᠬᠢᠯᠭᠠᠨ ᠭᠠᠷᠭᠠᠬᠤ ᠥᠷᠳᠡᠭᠡ ᠪᠤᠯ ᠤᠷᠳᠤᠰ ᠤᠨ ᠴᠠᠬᠢᠯᠠᠭᠠᠨ ᠤᠢᠢᠯᠡᠰ ᠤᠨ ᠲᠤᠪᠴᠢᠶ ᠠ ᠠᠴᠠ ᠭᠤᠤᠯᠯᠠᠨ | ᠬᠠᠷᠢᠭᠤᠴᠠᠵᠤ᠂ ᠰᠥᠯᠳᠠ ᠰᠤᠮᠤᠨ ᠠᠴᠠ ᠥᠪᠥᠷ ᠮᠤᠩᠭᠤᠯ ᠤᠨ ᠺᠠᠨᠭ᠌ ᠬᠤᠸᠠ ᠱᠸᠡᠭ ᠨᠠᠷᠨᠨ ᠬᠡᠷᠡᠯ ᠢᠶᠠᠷ ᠴᠠᠬᠢᠯᠭᠠᠨ | ᠭᠠᠷᠭᠠᠬᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢ ᠤᠷᠤᠭᠤᠯᠤᠨ ᠠᠪᠴᠢᠷᠠᠵᠤ᠂ ᠰᠤᠮᠤᠨ ᠤ ︽ᠲᠥᠷᠪᠡᠨ | ᠲᠤᠰᠬᠤᠨ︾ ᠲᠠᠢ ᠬᠤᠯᠪᠤᠭᠠᠯᠠᠨ ᠪᠠᠶᠢᠭᠤᠯᠤᠭᠰᠠᠨ ᠴᠠᠬᠢᠯᠭᠠᠨ ᠭᠠᠷᠭᠠᠬᠤ ᠲᠥᠷᠥᠯ ᠵᠦᠢᠯ ᠪᠤᠯᠤᠨ᠎ᠠ᠃ ᠨᠠᠷᠨᠨ | ᠬᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠡᠷᠳᠡᠬᠡᠨ ᠪᠥᠷᠢᠨ ᠪᠠᠭᠳᠠᠭᠠᠮᠵᠢᠳᠤ ᠲᠤᠤᠷ ᠨᠡᠶᠢᠯᠡᠬᠦᠯᠬᠦ ᠶᠢ | ᠪᠠᠳᠤᠯᠠᠨ᠂ ᠮᠠᠯᠴᠢᠨ ᠲᠠᠷᠢᠶᠠᠴᠢᠳ ᠲᠤ ᠠᠰᠢᠭ ᠤᠷᠤᠯᠭ᠎ᠠ ᠠᠪᠴᠢᠷᠠᠬᠤ ᠶᠢᠨ ᠲᠥᠯᠥᠬᠡ᠂ ᠲᠤᠭᠤᠷᠢᠮ ᠭᠠᠴᠠᠭᠠᠨ ᠤ | ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠠᠴᠠ ᠲᠤᠰ ᠲᠥᠷᠥᠯ ᠵᠦᠢᠯ ᠤᠨ ᠪᠥᠬᠦ ᠲᠠᠯ᠎ᠠ ᠪᠠᠷ | ᠠᠵᠢᠯ ᠢᠶᠠᠨ ᠰᠡᠷᠬᠦᠬᠡᠬᠦ ᠶᠢ ᠢᠳᠡᠪᠬᠢᠳᠠᠢ ᠵᠤᠬᠢᠴᠠᠭᠤᠯᠤᠨ᠂ ᠭᠠᠴᠠᠭᠠᠨ ᠠᠴᠠ ᠪᠠᠷᠢᠯᠭ᠎ᠠ ᠶᠢᠨ ᠠᠵᠢᠯ ᠤᠨ ᠪᠠᠶᠢᠭᠤᠯᠭ᠎ᠠ | ᠨᠢᠬᠡᠴᠢ ᠶᠢᠨ ᠠᠵᠢᠯᠳᠠᠳ ᠲᠤ ᠡᠳᠤᠷ ᠪᠤᠯᠭᠠᠨ ᠪᠡᠶ᠎ᠡ ᠶᠢᠨ ᠬᠠᠯᠠᠭᠤᠨ ᠢ ᠬᠡᠮᠵᠢᠬᠦ ᠪᠠ ᠪᠠᠷᠢᠯᠭ᠎ᠠ ᠶᠢᠨ ᠲᠤᠮᠳᠠᠬᠢ ᠠᠮᠤᠷ | ᠲᠥᠪᠰᠢᠨ ᠳᠤ ᠬᠢᠨᠠᠯᠳᠡ ᠲᠠᠯᠪᠢᠵᠥ ᠬᠠᠮᠢᠶᠠᠷᠤᠨ ᠡᠵᠡᠮᠳᠡᠬᠦ ᠠᠵᠢᠯ ᠢ ᠬᠢᠨᠠᠮᠠᠭᠠᠢ ᠬᠢᠵᠠᠢ᠃ | ︽ᠤᠳᠤᠬᠠᠨ ᠪᠤᠯᠳᠠᠯ᠎ᠠ 3 ᠰᠠᠶ᠎ᠠ ᠸᠠᠲ ᠴᠠᠭᠢᠯᠭᠠᠨ ᠲᠤᠤᠷ ᠢ ᠨᠡᠶᠢᠯᠡᠭᠦᠯᠵᠤ᠂ ᠤᠳᠠᠯ ᠦᠭᠡᠢ 5 ᠰᠠᠶ᠎ᠠ ᠸᠠᠲ | ᠪᠠᠭᠳᠠᠭᠠᠮᠵᠢᠳᠠᠢ ᠴᠠᠭᠢᠯᠭᠠᠨ ᠲᠤᠤᠷ ᠢ ᠨᠡᠶᠢᠯᠡᠭᠦᠯᠦᠨ ᠴᠠᠭᠢᠯᠭᠠᠨ ᠭᠠᠷᠭᠠᠵᠤ᠂ ᠶᠠᠳᠠᠭᠤ ᠭᠦᠴᠢᠷᠳᠠᠯᠳᠠᠢ ᠡᠷᠦᠭᠡ ᠶᠢ | ᠲᠤᠬᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠ ᠮᠠᠯᠴᠢᠨ ᠲᠠᠷᠢᠶᠠᠴᠢᠳ ᠤᠨ ᠤᠷᠤᠯᠭ᠎ᠠ ᠶᠢ ᠦᠷᠭᠦᠯᠵᠢᠯᠠᠨ | ᠨᠡᠮᠡᠭᠳᠡᠭᠦᠯᠭᠦ ᠳᠤ ᠪᠠᠳᠤ ᠪᠠᠭᠢ ᠰᠠᠭᠤᠷᠢ ᠲᠠᠯᠪᠢᠬᠤ ᠪᠤᠯᠤᠨ᠎ᠠ︾ ᠭᠡᠵᠤ ᠤᠷᠳᠤᠰ ᠤᠨ ᠴᠠᠭᠢᠯᠭᠠᠨ ᠦᠢᠯᠡᠰ ᠤᠨ | ᠲᠤᠪᠴᠢᠶᠠᠨ ᠤ ᠲᠤᠭᠤᠷᠢᠮ ᠭᠠᠴᠠᠭᠠᠨ ᠳᠤ ᠲᠤᠮᠢᠯᠠᠨ ᠰᠠᠭᠤᠵᠤ ᠪᠠᠶᠢᠭ᠎ᠠ ᠨᠢᠭᠡᠳᠦᠭᠡᠷ ᠱᠦᠵᠢ ᠯᠢᠦ ᠴᠢᠶᠠᠩ ᠶᠠᠷᠢᠨ᠎ᠠ᠃ | | ᠲᠤᠰ ᠲᠦᠷᠦᠯ ᠵᠦᠢᠯ ᠨᠢ ︽1 + N︾ ᠲᠤᠯᠤᠭᠠᠢᠢᠯᠠᠬᠴᠢ ᠠᠵᠤ ᠠᠬᠤᠢᠢᠯᠠᠯ ᠢ ᠤᠷᠢᠨ ᠠᠪᠴᠢᠷᠠᠬᠤ | ᠭᠡᠯᠪᠠᠷᠢ ᠪᠠᠷ ᠭᠠᠴᠠᠭᠠᠨ ᠤ ᠬᠠᠮᠳᠤ ᠶᠢᠨ ᠠᠵᠤ ᠠᠬᠤᠢ ᠶᠢ ᠭᠦᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠳᠤᠯᠬᠤ ᠳᠤ ᠭᠦᠴᠦᠨ ᠨᠠᠮᠠᠷᠢᠯᠠᠵᠤ᠂ ᠰᠦᠯᠳᠠ ᠰᠤᠮᠤᠨ ᠤ ᠲᠤᠭᠤᠷᠢᠮ᠂ ᠲᠦᠡᠭᠽᠢ᠂ ᠪᠤᠷᠤᠭᠦ᠋ᠳᠡᠭᠡ᠂ | ᠭᠦᠭᠡᠮᠠᠩᠬᠠ ᠲᠦᠷᠪᠡᠨ ᠭᠠᠴᠠᠭ᠎ᠠ 208 ᠮᠥ ᠭᠠᠵᠠᠷ ᠰᠢᠷᠤᠢ ᠪᠠ 200 ᠲᠦᠮᠠᠨ ᠲᠦᠭᠦᠷᠢᠭ ᠤᠨ ᠪᠠᠯᠠ | ᠮᠦᠡᠭᠭᠦ ᠪᠠᠷ ᠠᠵᠤ ᠠᠬᠤᠢᠢᠯᠠᠯ ᠳᠤ ᠬᠤᠪᠢ ᠤᠷᠤᠭᠤᠯᠵᠤ ᠨᠠᠷᠠᠨ ᠭᠡᠷᠠᠯ ᠢᠶᠠᠷ ᠴᠠᠭᠢᠯᠭᠠᠨ ᠭᠠᠷᠭᠠᠬᠤ ᠦᠷᠳᠡᠭᠡ ᠶᠢ | ᠬᠠᠮᠳᠤ ᠪᠠᠷ ᠪᠦᠳᠦᠭᠡᠨ ᠪᠠᠶᠢᠭᠤᠯᠤᠬᠰᠠᠨ ᠪᠠᠶᠢᠨ᠎ᠠ᠃ ᠡᠨᠡ ᠵᠢᠯ ᠠᠴᠠ ᠡᠭᠢᠯᠡᠨ 25 ᠵᠢᠯ ᠤᠨ ᠲᠤᠳᠤᠷ᠎ᠠ ᠠᠵᠤ | ᠠᠬᠤᠢᠢᠯᠠᠯ ᠨᠢ ᠵᠢᠯ ᠪᠦᠷᠢ ᠲᠦᠷᠪᠡᠨ ᠭᠠᠴᠠᠭᠠᠨ ᠳᠤ 56 ᠲᠦᠮᠠᠨ ᠲᠦᠭᠦᠷᠢᠭ ᠤᠨ ᠠᠰᠢᠭ ᠬᠤᠪᠢᠶᠠᠵᠤ᠂ ᠲᠦᠷᠪᠡᠨ | ᠭᠠᠴᠠᠭ᠎ᠠ ᠨᠢ ᠬᠤᠪᠢ ᠤᠷᠤᠭᠤᠯᠤᠬᠰᠠᠨ ᠬᠠᠷᠢᠴᠠᠯ ᠢᠶᠠᠷ ᠵᠤᠭᠢᠬᠤ ᠦᠷ᠎ᠠ ᠠᠰᠢᠭ ᠤᠯᠵᠤ᠂ ᠡᠳᠡᠭᠡᠷ ᠦᠷ᠎ᠠ ᠠᠰᠢᠭ ᠢ | ᠭᠤᠤᠯᠳᠠᠭᠤ ᠶᠠᠳᠠᠭᠤ ᠭᠦᠴᠢᠷᠳᠠᠯᠳᠠᠢ ᠡᠷᠦᠭᠡ ᠶᠢᠨ ᠠᠵᠤ ᠦᠢᠯᠡᠰ ᠢ ᠭᠦᠭᠵᠢᠭᠦᠯᠭᠦ ᠳᠤ ᠭᠡᠷᠡᠭᠯᠡᠭᠦ ᠶᠢᠨ ᠬᠠᠮᠳᠤ | ᠭᠠᠴᠠᠭᠠᠨ ᠤ ᠬᠠᠮᠳᠤ ᠶᠢᠨ ᠠᠵᠤ ᠠᠬᠤᠢ ᠶᠢᠨ ᠭᠦᠭᠵᠢᠯᠳᠠ ᠪᠠ ᠮᠠᠯᠴᠢᠨ ᠲᠠᠷᠢᠶᠠᠴᠢᠳ ᠤᠨ ᠤᠷᠤᠯᠭ᠎ᠠ ᠶᠢᠨ | ᠨᠡᠮᠡᠭᠳᠡᠯ ᠢ ᠠᠭᠢᠭᠤᠯᠵᠤ᠂ ︽ᠵᠠᠰᠠᠭ ᠤᠨ ᠤᠷᠳᠤᠨ ᠲᠠᠪᠴᠠᠩ ᠪᠠᠶᠢᠭᠤᠯᠵᠤ᠂ ᠠᠵᠤ ᠠᠬᠤᠢᠢᠯᠠᠯ ᠭᠤᠤᠯᠯᠠᠨ | ᠠᠵᠢᠯᠯᠠᠵᠤ᠂ ᠤᠯᠠᠨ ᠲᠦᠮᠠᠨ ᠳᠤ ᠠᠰᠢᠭ ᠭᠦᠷᠳᠡᠭᠡᠭᠦ︾ ᠤᠷᠤᠨ ᠪᠦᠰᠡ ᠶᠢᠨ ᠭᠦᠭᠵᠢᠯᠳᠠ ᠶᠢᠨ ᠭᠡᠪ ᠵᠠᠬᠪᠤᠷ ᠢ | ᠪᠤᠢ ᠪᠤᠯᠭᠠᠬᠤ ᠪᠤᠯᠤᠨ᠎ᠠ᠃ |