3 ᠰᠠᠷ᠎ᠡ ᠶᠢᠨ 15 ᠤ ᠡᠳᠦᠷ᠂ ᠮᠠᠨ ᠤ ᠬᠤᠳᠠ ᠶᠢᠨ ᠨᠡᠬᠦᠷᠡᠰᠦᠨ ᠤ ᠡᠬᠢ ᠪᠠᠶᠠᠯᠢᠬ ᠤᠨ ᠬᠦᠷᠢᠶᠡᠨ ᠳᠠᠬᠢ | ᠳᠦᠷᠢᠮ ᠳᠤᠬᠳᠠᠭᠠᠯ ᠠᠴᠠ ᠵᠦᠷᠢᠴᠡᠵᠤ ᠬᠠᠤᠯᠢ ᠠᠴᠠ ᠵᠦᠷᠢᠴᠡᠭᠰᠡᠨ ᠠᠰᠠᠭᠤᠳᠠᠯ ᠢ ᠳᠤᠰᠬᠠᠢ ᠵᠠᠰᠠᠨ ᠴᠡᠭᠴᠡᠯᠡᠬᠦ | ᠠᠵᠢᠯ ᠢ ᠵᠤᠬᠢᠴᠠᠭᠤᠯᠬᠤ ᠬᠤᠷᠡᠯ ᠬᠤᠷᠠᠯᠳᠤᠵᠤ ᠮᠠᠨ ᠤ ᠬᠤᠰᠢᠭᠤ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯ ᠳᠤ | ᠤᠷᠤᠯᠴᠠᠪᠠ᠃ | ᠢᠤᠢ ᠰᠢᠨ ᠹᠠᠨᠭ᠌ ᠳᠤᠰᠬᠠᠢ ᠵᠠᠰᠠᠨ ᠴᠡᠭᠴᠡᠯᠡᠯᠳᠠ ᠦᠷᠨᠢᠬᠦᠯᠬᠦ ᠨᠢ ᠶᠠᠷᠦᠩᠬᠡᠢ ᠱᠦᠵᠢ ᠰᠢ ᠶᠢᠨ ᠫᠢᠡᠭ ᠪᠠ | ᠨᠠᠮ ᠤᠨ ᠳᠦᠪ ᠬᠤᠷᠢᠶ᠎ᠡ ᠠᠴᠠ ᠦᠪᠤᠷ ᠮᠤᠩᠭᠤᠯ ᠳᠤ ᠳᠠᠭᠠᠭᠠᠯᠭᠠᠬᠰᠠᠨ ᠨᠢᠬᠡᠨ ᠴᠢᠬᠤᠯᠠ ᠤᠯᠤᠰ ᠳᠦᠷᠦ ᠶᠢᠨ | ᠡᠬᠦᠷᠬᠡ ᠮᠦᠨ᠂ ᠪᠦᠬᠦ ᠬᠤᠳᠠ ᠶᠢᠨ ᠤᠳᠤᠷᠢᠳᠬᠤ ᠺᠠᠳ᠋ᠷ ᠤᠨ ︽ᠳᠦᠷᠪᠡᠨ ᠤᠬᠠᠮᠰᠠᠷ︾ ᠢ ᠪᠤᠢ ᠪᠤᠯᠭᠠᠨ | ᠪᠠᠳᠤᠳᠬᠠᠵᠤ᠂ ︽ᠬᠤᠶᠡᠷ ᠢ ᠬᠠᠮᠠᠭᠠᠯᠠᠬᠤ︾ ᠶᠢ ᠪᠡᠶᠡᠯᠡᠬᠦᠯᠬᠦ ᠡᠰᠡᠬᠦ ᠶᠢ ᠰᠢᠯᠭᠠᠬᠤ ᠴᠢᠬᠤᠯᠠ ᠶᠡᠭᠡ ᠰᠢᠯᠭᠠᠯᠳᠠ | ᠪᠤᠯᠤᠨ᠎ᠡ᠃ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠦᠵᠡᠯ ᠰᠠᠨᠠᠭ᠎ᠠ ᠳᠠᠨᠢᠯᠳᠠ ᠪᠠᠨ ᠤᠯᠠᠮ ᠨᠢᠬᠡ ᠠᠯᠬᠤᠮ | ᠳᠡᠭᠡᠭᠰᠢᠯᠡᠬᠦᠯᠵᠤ᠂ ᠤᠯᠤᠰ ᠳᠦᠷᠦ ᠶᠢᠨ ᠦᠨᠳᠦᠷᠴᠡ ᠠᠴᠠ ᠳᠤᠰᠬᠠᠢ ᠵᠠᠰᠠᠨ ᠴᠡᠭᠴᠡᠯᠡᠬᠦ ᠠᠵᠢᠯ ᠤᠨ ᠳᠤᠯᠭᠠᠮ | ᠴᠢᠨᠡᠷ᠂ ᠴᠢᠬᠤᠯᠠ ᠴᠢᠨᠡᠷ ᠢ ᠬᠦᠨᠵᠡᠬᠡᠢ ᠳᠠᠨᠢᠵᠤ᠂ ᠪᠤᠳᠠᠳᠠᠢ ᠦᠷ᠎ᠡ ᠪᠦᠳᠦᠮᠵᠢ ᠪᠠᠷ ᠢᠶᠠᠨ ︽ᠬᠤᠶᠡᠷ ᠢ ᠬᠠᠮᠠᠭᠠᠯᠠᠬᠤ︾ | ᠶᠢ ᠦᠢᠯᠡᠳᠦᠯᠬᠡᠵᠢᠬᠦᠯᠬᠦ ᠬᠡᠷᠡᠭᠳᠡᠢ ᠬᠡᠵᠤ ᠵᠢᠭᠠᠵᠤ ᠭᠠᠷᠭᠠᠪᠠ᠃ | ᠢᠤᠢ ᠰᠢᠨ ᠹᠠᠨᠭ᠌ ᠬᠠᠷᠢᠭᠤᠴᠠᠯᠭ᠎ᠠ ᠪᠠᠨ ᠤᠯᠠᠮ ᠨᠢᠬᠡ ᠠᠯᠬᠤᠮ ᠨᠠᠶᠢᠳᠠᠪᠤᠷᠢᠵᠢᠭᠤᠯᠵᠤ᠂ ᠨᠢᠬᠡᠳᠦᠯᠳᠡᠢ | ᠳᠤᠬᠢᠷᠠᠭᠤᠯᠵᠤ᠂ ᠠᠵᠢᠯ ᠤᠨ ᠬᠠᠮᠳᠤᠷᠠᠯ ᠬᠦᠴᠦᠨ ᠢ ᠪᠦᠷᠢᠯᠳᠦᠬᠦᠯᠭᠦ ᠬᠡᠷᠡᠭᠳᠡᠢ᠃ ᠮᠦᠷᠳᠡᠨ ᠬᠡᠳᠡᠷᠬᠦ ᠪᠠᠶᠢᠴᠠᠭᠠᠵᠤ᠂ | ᠨᠡᠬᠦᠷᠡᠰᠦᠨ ᠠᠭᠤᠷᠬᠠᠢ ᠶᠢᠨ ᠳᠦᠷᠦᠯ ᠵᠦᠢᠯ ᠤᠨ ᠪᠦᠬᠦ ᠡᠯᠧᠮᠧᠨ᠋ᠲ ᠤᠨ ᠳᠠᠩᠰᠠ ᠶᠤᠰᠤᠭᠠᠷ ᠪᠦᠬᠦ ᠶᠠᠪᠤᠴᠠ ᠶᠢᠨ | ᠭᠤᠬᠴᠤᠭ᠎ᠠ ᠪᠦᠷᠢ ᠶᠢ ᠦᠯᠡᠳᠡᠬᠡᠯ ᠦᠬᠡᠢ ᠪᠠᠶᠢᠴᠠᠭᠠᠬᠤ ᠬᠡᠷᠡᠭᠳᠡᠢ᠃ ᠬᠠᠷᠢᠯᠴᠠᠬᠤ ᠵᠤᠯᠭᠠᠯᠴᠠᠭᠤᠯᠬᠤ ᠶᠢ | ᠴᠢᠩᠭᠠᠳᠬᠠᠵᠤ᠂ ᠡᠯ᠎ᠡ ᠳᠦᠷᠦᠯ ᠤᠨ ᠠᠵᠢᠯ ᠢ ᠡᠮᠬᠢ ᠳᠢᠭᠯᠢᠮ ᠲᠠᠢ ᠠᠬᠢᠭᠤᠯᠬᠤ ᠶᠢ ᠪᠠᠳᠤᠯᠠᠬᠤ ᠬᠡᠷᠡᠭᠳᠡᠢ᠃ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠤ᠂ ᠨᠢᠬᠡᠳ ᠨᠢᠬᠡ ᠪᠠᠷ ᠵᠤᠬᠢᠴᠠᠭᠤᠯᠤᠨ ᠲᠢᠭᠯᠡᠵᠤ᠂ | ᠨᠢᠬᠡᠳ ᠨᠢᠬᠡ ᠪᠠᠷ ᠦᠯᠡᠳᠡᠬᠡᠯ ᠦᠬᠡᠢ ᠪᠠᠶᠢᠴᠠᠭᠠᠵᠤ᠂ ᠳᠤᠳᠠᠬᠳᠠᠯ ᠲᠠᠢ ᠵᠦᠢᠯ᠂ ᠳᠦᠷᠢᠮ ᠳᠤᠬᠳᠠᠭᠠᠯ ᠠᠴᠠ | ᠵᠦᠷᠢᠴᠡᠭᠰᠡᠨ ᠵᠦᠢᠯ ᠢ ᠢᠯᠡᠷᠡᠭᠦᠯᠵᠤ᠂ ᠠᠰᠠᠭᠤᠳᠠᠯ ᠢ ᠡᠷᠢᠬᠦ ᠨᠢ ᠳᠠᠩᠰᠠ ᠡᠪᠬᠡᠮᠡᠯ ᠡᠮᠬᠢᠳᠬᠡᠬᠦ ᠪᠤᠯᠬᠤ ᠶᠢ ᠴᠢᠩᠭ᠎ᠠ | ᠰᠡᠷᠬᠡᠶᠢᠯᠡᠬᠦ ᠬᠡᠷᠡᠭᠳᠡᠢ᠃ ᠠᠵᠢᠯ ᠤᠨ ᠬᠤᠭᠤᠴᠠᠭ᠎ᠠ ᠶᠢ ᠬᠡᠳᠡᠷᠬᠦ ᠳᠤᠭᠠᠴᠠᠵᠤ᠂ ᠠᠵᠢᠯ ᠤᠨ ᠬᠦᠴᠦᠯᠡᠴᠡ ᠪᠠᠨ | ᠴᠢᠩᠭᠠᠳᠬᠠᠵᠤ᠂ ᠦᠯᠡᠳᠡᠬᠡᠯ ᠦᠬᠡᠢ ᠪᠠᠶᠢᠴᠠᠭᠠᠬᠤ ᠠᠵᠢᠯ ᠢ ᠳᠤᠬᠳᠠᠭᠰᠠᠨ ᠬᠤᠭᠤᠴᠠᠭᠠᠨ ᠳᠤ ᠴᠢᠨᠡᠷᠵᠢᠯ ᠲᠠᠢ | ᠪᠡᠶᠡᠯᠡᠬᠦᠯᠬᠦ ᠶᠢ ᠪᠠᠳᠤᠯᠠᠬᠤ ᠬᠡᠷᠡᠭᠳᠡᠢ᠃ ᠡᠯ᠎ᠡ ᠬᠤᠰᠢᠭᠤ ᠳᠤᠭᠤᠷᠢᠬ᠂ ᠡᠯ᠎ᠡ ᠰᠠᠯᠠᠭ᠎ᠠ ᠮᠦᠴᠢᠷ ᠬᠠᠷᠢᠯᠴᠠᠨ | ᠰᠤᠷᠤᠯᠴᠠᠵᠤ ᠬᠠᠷᠢᠯᠴᠠᠨ ᠳᠤᠯᠢ ᠪᠤᠯᠭᠠᠵᠤ᠂ ᠬᠠᠮᠳᠤ ᠪᠠᠷ ᠳᠡᠬᠦᠯᠳᠡᠷᠵᠢᠨ ᠲᠡᠪᠰᠢᠵᠤ᠂ ᠳᠤᠰᠬᠠᠢ ᠵᠠᠰᠠᠨ ᠴᠡᠭᠴᠡᠯᠡᠬᠦ | ᠡᠬᠦᠷᠬᠡ ᠪᠠᠨ ᠴᠢᠨᠡᠷᠵᠢᠯ ᠲᠠᠢ ᠦᠨᠳᠦᠷ ᠪᠦᠳᠦᠮᠵᠢᠳᠠᠢ ᠪᠠᠷ ᠪᠡᠶᠡᠯᠡᠬᠦᠯᠬᠦ ᠬᠡᠷᠡᠭᠳᠡᠢ ᠬᠡᠵᠤ ᠴᠢᠬᠤᠯᠠᠴᠢᠯᠠᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ | ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ | ᠠᠯᠪᠠᠨ ᠬᠡᠷ ᠤᠨ ᠡᠷᠬᠢᠯᠡᠭᠴᠢ ᠵᠣᠣ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠬᠤᠰᠢᠭᠤ ᠳᠡᠳ᠋ ᠳᠠᠷᠤᠭ᠎ᠠ ᠯᠢ ᠵᠥᠩ ᠯᠢᠨ᠂ ᠬᠤᠰᠢᠭᠤ ᠤᠳᠤᠷᠢᠳᠤᠯᠭ᠎ᠠ ᠯᠢ ᠰᠢᠦ ᠹᠧᠩ᠂ ᠵᠧᠦ ᠱᠤᠸᠠᠢ᠂ | ᠪᠠᠶᠠᠨᠴᠢᠮᠡᠭ ᠵᠢᠴᠢ ᠡᠯ᠎ᠡ ᠲᠤᠰᠬᠠᠶ ᠳᠤᠭᠤᠶᠢᠯᠠᠩ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠬᠢᠨᠠᠯᠲᠠ ᠲᠠᠯᠪᠢᠬᠤ | ᠬᠠᠷᠢᠭᠤᠴᠠᠯᠭ᠎ᠠ ᠶᠢᠨ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ | ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ |