ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ 5 ᠳ᠋ᠤᠭᠠᠷ ᠤᠳᠠᠭ᠎ᠠ ᠶᠢᠨ ᠪᠠᠶᠢᠩᠭᠤ  ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-03-19
     3 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠣᠣ ᠹᠸᠢ ᠯᠦ ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ ᠬᠤᠰᠢᠭᠤ ᠳᠡᠳ᠋ ᠳᠠᠷᠤᠭ᠎ᠠ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠭᠤᠤ ᠬᠤ᠋᠂ ᠬᠤᠰᠢᠭᠤ ᠳᠡᠳ᠋ ᠳᠠᠷᠤᠭ᠎ᠠ ᠵᠧᠦ ᠱᠤᠸᠠᠢ᠂ ᠪᠠᠶᠠᠨᠴᠡᠩᠭᠡᠯ᠂ ᠪᠠᠶᠠᠨᠴᠢᠮᠡᠭ᠂ ᠯᠢᠦ ᠵᠧᠩ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠠᠷᠠᠳ ᠤᠨ ᠵᠡᠪᠰᠡᠭᠲᠦ ᠬᠦᠴᠦᠨ ᠤ ᠭᠡᠯᠳᠡᠰ ᠤᠨ ᠲᠠᠷᠤᠭ᠎ᠠ ᠬᠤᠸᠠᠩ ᠳ᠋ᠠᠨ᠂ ᠬᠤᠰᠢᠭᠤ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠷᠭᠠᠯ ᠤᠷᠢᠯᠭ᠎ᠠ  ᠪᠠᠷ ᠬᠤᠷᠠᠯ ᠳᠤ ᠰᠤᠯᠠ ᠣᠷᠣᠯᠴᠠᠵᠤ᠂ ᠡᠯ᠎ᠡ ᠠᠵᠤ ᠠᠬᠤᠶ ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶᠂ ᠰᠤᠮᠤ ᠪᠠᠯᠭᠠᠰᠤ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠠᠴᠠ᠂ ᠬᠤᠰᠢᠭᠤ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠤᠯ ᠵᠥᠢᠯ ᠢ ᠠᠷᠠᠳ ᠤᠨ ᠲᠥᠯᠥᠭᠡᠯᠡᠭᠴᠢ ᠪᠢᠯᠧᠲ ᠥᠭᠴᠤ ᠲᠤᠭᠳᠠᠭᠠᠬᠤ ᠲᠦᠷᠢᠮ ᠢ ᠭᠡᠷᠡᠭᠵᠢᠭᠦᠯᠭᠦ ᠲᠥᠷᠥᠯ ᠵᠦᠶᠯ ᠤᠨ ᠶᠠᠪᠤᠳᠠᠯ ᠢ ᠰᠤᠳᠤᠯᠤᠨ ᠬᠢᠨᠠᠨ ᠵᠥᠪᠯᠡᠪᠡ᠃      ᠵᠣᠣ ᠹᠸᠢ ᠯᠦ ᠵᠢᠭᠠᠵᠤ ᠭᠠᠷᠭᠠᠭᠰᠠᠨ ᠨᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠠᠷᠠᠳ ᠤᠨ ᠲᠥᠯᠥᠭᠡᠯᠡᠭᠴᠢ ᠪᠢᠯᠧᠲ ᠥᠭᠴᠤ ᠲᠤᠭᠳᠠᠭᠠᠬᠤ ᠲᠦᠷᠢᠮ ᠪᠣᠯ ᠠᠷᠠᠳ ᠤᠨ ᠲᠥᠯᠥᠭᠡᠯᠡᠭᠴᠢ  ᠶᠢᠨ ᠵᠣᠷᠢᠯᠲᠠ ᠶᠢ ᠨᠠᠩ ᠰᠠᠶᠢᠨ ᠦᠶᠯᠡᠳᠦᠯᠭᠡᠵᠢᠭᠦᠯᠬᠦ ᠶᠢᠨ ᠴᠢᠬᠤᠯᠠ ᠠᠷᠭ᠎ᠠ ᠵᠠᠮ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ  ᠰᠠᠨᠠᠭ᠎ᠠ ᠦᠶᠯᠡ ᠠᠵᠢᠯᠯᠠᠭᠠᠨ ᠤ ᠤᠬᠠᠮᠰᠠᠷ ᠢᠶᠠᠨ ᠲᠡᠭᠡᠭᠰᠢᠯᠠᠭᠦᠯᠤᠨ ᠲᠥᠯᠥᠭᠡᠯᠡᠭᠴᠢ ᠶᠢᠨ ᠪᠢᠯᠧᠲ ᠥᠭᠴᠤ ᠲᠣᠭᠲᠠᠭᠠᠬᠤ ᠲᠦᠷᠢᠮ ᠤᠨ ᠠᠵᠢᠯ ᠢ ᠴᠢᠨᠠᠷ ᠰᠠᠶᠢᠲᠠᠶ ᠠᠬᠢᠭᠤᠯᠵᠤ ︽ᠣᠯᠠᠨ ᠲᠦᠮᠡᠨ ᠶᠠᠭᠤ ᠪᠤᠳᠤᠵᠤ ᠪᠠᠶᠢᠪᠠᠯ ᠪᠢᠳᠡ ᠶᠠᠭᠤ ᠬᠢᠬᠦ︾ ᠣᠶᠢᠯᠠᠭᠠᠭᠳᠠᠬᠤᠨ ᠢ ᠪᠣᠳᠠᠲᠠᠶ ᠳᠤ ᠨᠠᠶᠢᠳᠠᠪᠤᠷᠢᠵᠢᠭᠤᠯᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠨᠠᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠡᠶ᠃        ᠵᠣᠣ ᠹᠸᠢ ᠯᠦ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ  ᠤᠨ ᠠᠮᠢᠳᠤᠷᠠᠯ   ᠤᠨ ᠠᠰᠠᠭᠤᠳᠠᠯ ᠢ ᠰᠢᠶᠳᠪᠦᠷᠢᠯᠡᠬᠦ ᠪᠣᠳᠠᠲᠠᠶ ᠪᠠᠶᠢᠳᠠᠯ ᠠᠴᠠ ᠡᠭᠦᠰᠴᠦ ᠲᠥᠷᠥᠯ ᠵᠦᠶᠯ ᠤᠨ ᠬᠠᠷᠠᠯᠳᠠᠳᠤ ᠴᠢᠨᠠᠷ᠂ ᠡᠵᠡᠮᠳᠡᠵᠦ ᠪᠣᠯᠬᠤᠶᠢᠴᠠ ᠴᠢᠨᠠᠷ ᠪᠠ ᠪᠣᠯᠤᠮᠵᠢᠲᠤ ᠴᠢᠨᠠᠷ ᠢ ᠲᠤᠳᠤᠷᠬᠠᠶᠢᠯᠠᠬᠤ ᠬᠡᠷᠡᠭᠲᠡᠶ᠃ ᠠᠵᠢᠯ ᠤᠨ ᠲᠠᠰ ᠳᠠᠷᠠᠭᠠᠯᠠᠯ ᠢ ᠵᠢᠷᠤᠮᠵᠢᠭᠤᠯᠤᠨ ᠠᠵᠢᠯ ᠤᠨ ᠠᠷᠭ᠎ᠠ ᠪᠠᠷᠢᠯ ᠢ ᠰᠢᠨᠡᠴᠢᠯᠡᠵᠦ ᠪᠠᠯᠠ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ ᠡᠯ᠎ᠡ ᠲᠥᠷᠤᠯ ᠤᠨ ᠠᠵᠢᠯ ᠢ ᠨᠠᠷᠢᠯᠢᠭ ᠬᠢᠬᠦ ᠬᠡᠷᠡᠭᠲᠡᠶ ᠭᠡᠵᠡᠢ᠃      ᠬᠤᠷᠠᠯ ᠠᠴᠠ᠂ ︽ᠨᠢᠭᠡ ᠴᠤᠩᠬᠤᠪᠴᠢ ᠪᠠᠷ ᠶᠡᠷᠦᠩᠬᠡᠶᠢᠯᠡᠨ ᠭᠥᠢᠴᠡᠳᠭᠡᠭᠦ︾ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠤᠨ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ᠃      ᠵᠣᠣ ᠹᠸᠢ ᠯᠦ ᠴᠢᠬᠤᠯᠠᠴᠢᠯᠠᠭᠰᠠᠨ ᠨᠢ᠂ ︽ᠨᠢᠭᠡ ᠴᠤᠩᠬᠤᠪᠴᠢ ᠪᠠᠷ ᠶᠡᠷᠦᠩᠬᠡᠶᠢᠯᠡᠨ ᠭᠦᠶᠴᠡᠳᠬᠡᠬᠦ︾ ᠪᠣᠯ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠠᠮᠢᠶ᠎ᠠ ᠪᠦᠬᠦᠢ ᠨᠢᠭᠡᠴᠢ ᠠᠵᠢᠯ  ᠤᠨ ᠡᠭᠦᠷᠭᠡ ᠪᠠᠨ ᠲᠣᠳᠣᠷᠬᠠᠶᠢᠯᠠᠵᠤ ᠪᠡᠶᠡᠯᠡᠭᠦᠯᠬᠦ ᠴᠠᠭ ᠤᠨ ᠬᠢᠵᠠᠭᠠᠷ ᠪᠠ ᠬᠠᠷᠢᠭᠤᠴᠠᠯᠭ᠎ᠠ ᠶᠢᠨ ᠭᠥᠮᠤᠨ ᠢ ᠲᠤᠭᠳᠠᠭᠠᠨ ᠥᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ ᠲᠤᠭᠳᠠᠭᠰᠠᠨ ᠴᠠᠭ ᠲᠤ ᠪᠠᠨ ᠭᠦᠶᠴᠡᠳᠬᠡᠬᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠠᠭᠦ ᠶᠢ ᠬᠡᠷᠡᠭᠵᠢᠭᠦᠯᠵᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠤᠯᠵᠤ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠡᠷᠭᠢᠯᠠᠭᠦ ᠳᠤ ᠳᠥᠭᠦᠮ ᠦᠵᠡᠭᠦᠯᠬᠦ ᠬᠡᠷᠡᠭᠲᠡᠶ ᠭᠡᠵᠡᠢ᠃      ᠬᠤᠷᠠᠯ ᠠᠴᠠ ︽ᠦᠦᠰᠢᠨ ᠬᠤᠰᠢᠭᠤᠨ ᠤ ᠪᠥᠬᠦ ᠠᠷᠠᠳ ᠤᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠬᠡᠷᠡᠭᠵᠢᠭᠦᠯᠬᠦ ᠲᠥᠰᠦᠯ︾ ᠤᠨ ᠬᠤᠯᠪᠣᠭᠳᠠᠯ ᠪᠥᠬᠦᠶ ᠵᠦᠶᠯᠡᠰ ᠢ ᠬᠢᠨᠠᠨ ᠵᠥᠪᠯᠡᠪᠡ᠃      ᠵᠣᠣ ᠹᠸᠢ ᠯᠦ ᠴᠢᠬᠤᠯᠠᠴᠢᠯᠠᠭᠰᠠᠨ ᠨᠢ᠂ ᠪᠥᠬᠦ ᠠᠷᠠᠳ ᠤᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ  ᠶᠢᠨ ᠢᠨᠵᠧᠨᠧᠷᠢᠩ ᠪᠣᠯ ᠡᠮᠴᠢᠯᠡᠭᠡ ᠪᠠᠷ ᠠᠷᠠᠳ ᠲᠤ ᠠᠰᠢᠭ ᠬᠦᠷᠲᠡᠭᠡᠬᠦ ᠨᠢᠭᠡᠨ ᠴᠢᠬᠤᠯᠠ ᠠᠭᠤᠯᠭ᠎ᠠ ᠪᠠᠶᠢᠵᠤ ᠪᠥᠬᠦ ᠬᠤᠰᠢᠭᠤᠨ ᠤ ᠣᠯᠠᠨ ᠲᠦᠮᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠤᠯᠪᠣᠭᠳᠠᠵᠤ ᠪᠠᠶᠢᠳᠠᠭ᠃ ᠤᠯᠠᠨ ᠲᠥᠮᠡᠨ ᠤ ᠪᠠᠶ᠎ᠠ ᠮᠠᠬᠠᠪᠤᠳ ᠤᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠶᠯ ᠵᠢᠴᠢ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ  ᠪᠠᠷ ᠲᠤᠭᠳᠠᠭᠠᠨ ᠭᠤᠤᠯᠳᠠᠯᠭ᠎ᠠ ᠲᠠᠢ ᠬᠥᠮᠦᠰ ᠲᠤ  ᠤᠨᠴᠠᠭᠠᠢ ᠪᠠᠶᠢᠴᠠᠭᠠᠯᠳᠠ ᠬᠢᠬᠦ ᠦᠶᠯᠡᠴᠢᠯᠡᠭᠡᠨ ᠢ ᠰᠠᠶᠢᠵᠢᠷᠠᠭᠤᠯᠬᠤ ᠬᠡᠷᠡᠭᠲᠡᠶ ᠭᠡᠵᠡᠢ᠃              ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠪᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号