ᠤᠯᠤᠰ ᠤᠨ ᠳᠡᠷᠢᠬᠦᠯᠡᠭᠴᠢ ᠰᠢ ᠶᠢᠨ ᠫᠢᠩ 17 ᠤ ᠤᠷᠤᠢ ᠪᠤᠯᠵᠤᠭ᠎ᠠ ᠪᠠᠷ ᠢᠰᠫᠠᠨᠢ ᠶᠢᠨ ᠳᠡᠷᠢᠬᠦᠨ ᠰᠠᠶᠢᠳ | ᠰᠠᠩᠴᠢᠶᠧᠰ ᠲᠠᠢ ᠤᠳᠠᠰᠤ ᠪᠠᠷ ᠶᠠᠷᠢᠯᠴᠠᠪᠠ᠃ | ᠰᠢ ᠶᠢᠨ ᠫᠢᠩ᠂ ᠦᠢᠷ᠎ᠠ ᠶᠢᠨ ᠡᠳᠤᠷ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ | ᠢᠰᠫᠠᠨᠢ ᠳᠤ ᠳᠦᠷᠬᠡᠨ ᠦᠷᠬᠡᠵᠢᠨ ᠳᠡᠯᠬᠡᠷᠡᠬᠦ ᠬᠠᠨᠳᠤᠰᠢ ᠢᠯᠡᠷᠡᠪᠡ᠂ ᠪᠢ ᠳᠤᠮᠳᠠᠳᠤ ᠤᠯᠤᠰ ᠤᠨ ᠵᠠᠰᠠᠬ ᠤᠨ | ᠤᠷᠳᠤᠨ ᠪᠤᠯᠤᠨ ᠳᠤᠮᠳᠠᠳᠤ ᠤᠯᠤᠰ ᠤᠨ ᠠᠷᠠᠳ ᠳᠦᠮᠡᠨ ᠤ ᠡᠮᠤᠨ᠎ᠡ ᠠᠴᠠ᠂ ᠢᠰᠫᠠᠨᠢ ᠶᠢᠨ ᠵᠠᠰᠠᠬ ᠤᠨ ᠤᠷᠳᠤᠨ | ᠪᠤᠯᠤᠨ ᠠᠷᠠᠳ ᠳᠦᠮᠡᠨ ᠢ ᠴᠢᠩ ᠰᠡᠳᠬᠢᠯ ᠠᠴᠠ ᠪᠠᠨ ᠳᠤᠬᠤᠨᠢᠭᠤᠯᠵᠥ ᠪᠠᠶᠢᠬᠤ ᠪᠠᠨ ᠢᠯᠡᠳᠬᠡᠵᠥ ᠪᠠᠶᠢᠨ᠎ᠠ ᠬᠡᠵᠥ | ᠵᠢᠭᠠᠵᠥ ᠭᠠᠷᠭᠠᠪᠠ᠃ | ᠰᠢ ᠶᠢᠨ ᠫᠢᠩ᠂ ᠤᠯᠤᠰ ᠳᠠᠶᠠᠭᠠᠷ ᠤᠨ ᠬᠠᠳᠠᠭᠤᠵᠢᠯᠳᠠᠢ ᠴᠢᠷᠮᠠᠶᠢᠯᠭ᠎ᠠ ᠪᠠᠷ ᠳᠠᠮᠵᠢᠭᠠᠳ᠂ ᠳᠤᠮᠳᠠᠳᠤ | ᠤᠯᠤᠰ ᠤᠨ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠢᠳᠡᠪᠬᠢᠳᠡᠢ ᠦᠷ᠎ᠡ ᠪᠦᠳᠦᠮᠵᠢ ᠤᠯᠵᠥ᠂ ᠬᠠᠮᠤᠭ ᠤᠨ | ᠬᠦᠴᠢᠷᠳᠡᠢ᠂ ᠬᠠᠮᠤᠭ ᠤᠨ ᠬᠠᠳᠠᠭᠤ ᠪᠡᠷᠬᠡ ᠬᠤᠭᠤᠴᠠᠭ᠎ᠠ ᠶᠢ ᠨᠢᠭᠡᠨᠳᠡ ᠦᠩᠬᠡᠷᠡᠬᠦᠯᠦᠯᠡ᠃ ᠤᠳᠤᠬᠠᠨ ᠳᠤ | ᠬᠢᠵᠢᠭ ᠤᠨ ᠪᠠᠶᠢᠳᠠᠯ ᠤᠯᠠᠨ ᠤᠯᠤᠰ ᠤᠯᠠᠨ ᠭᠠᠵᠠᠷ ᠲᠤ ᠳᠡᠯᠬᠡᠷᠡᠵᠦ ᠪᠠᠶᠢᠨ᠎ᠠ᠂ ᠳᠤᠮᠳᠠᠳᠤ ᠶᠢᠨ ᠬᠢᠨ ᠳᠤᠷᠠᠳᠠᠶ᠎ᠠ | ᠡᠯ᠎ᠡ ᠤᠯᠤᠰ ᠯᠤᠭ᠎ᠠ ᠤᠯᠠᠨ ᠤᠯᠤᠰ ᠤᠨ ᠬᠠᠮᠳᠤᠷᠠᠯᠴᠠᠭ᠎ᠠ ᠦᠷᠨᠢᠬᠦᠯᠬᠦ ᠪᠦᠬᠡᠳ ᠴᠢᠳᠠᠯ ᠤᠨ ᠬᠢᠷᠢ ᠪᠠᠷ ᠢᠶᠠᠨ | ᠳᠤᠰᠠᠯᠠᠮᠵᠢ ᠦᠵᠡᠬᠦᠯᠦᠨ᠎ᠡ᠃ ᠳᠡᠯᠡᠬᠡᠢ ᠨᠡᠶᠢᠬᠡᠮ ᠤᠨ ᠬᠢᠨ ᠭᠠᠷ ᠬᠤᠯᠪᠤᠨ ᠴᠢᠷᠮᠠᠶᠢᠵᠥ ᠪᠠᠶᠢᠭᠠᠳ ᠠᠶᠤᠯ | ᠳᠦᠭᠰᠢᠬᠦᠷᠢ ᠶᠢ ᠠᠵᠠ ᠳᠤᠬᠢᠶᠠᠯ ᠪᠤᠯᠭᠠᠨ ᠬᠤᠪᠢᠷᠠᠭᠤᠯᠵᠥ᠂ ᠨᠡᠬᠡᠬᠡᠯᠳᠡ ᠬᠢᠵᠥ ᠬᠠᠮᠳᠤᠷᠠᠯᠴᠠᠬᠤ ᠪᠤᠳᠠᠳᠤ | ᠠᠵᠢᠯᠯᠠᠭ᠎ᠠ ᠪᠠᠷ ᠢᠶᠠᠨ ᠬᠢᠵᠢᠭ ᠤᠨ ᠳᠠᠭᠠᠷᠢᠯᠳᠠ ᠶᠢ ᠬᠤᠷᠢᠬᠯᠠᠵᠥ᠂ ᠳᠡᠯᠡᠬᠡᠢ ᠨᠡᠶᠢᠳᠡ ᠶᠢᠨ ᠡᠷᠡᠬᠦᠯ ᠬᠠᠮᠠᠭᠠᠯᠠᠯ ᠤᠨ | ᠠᠮᠤᠷ ᠳᠦᠪᠰᠢᠨ ᠢ ᠬᠠᠮᠳᠤ ᠪᠠᠷ ᠬᠠᠮᠠᠭᠠᠯᠠᠬᠤ ᠶᠢ ᠬᠦᠰᠡᠵᠥ ᠪᠠᠶᠢᠨ᠎ᠠ ᠬᠡᠵᠥ ᠴᠢᠬᠤᠯᠠᠴᠢᠯᠠᠪᠠ᠃ | ᠰᠢ ᠶᠢᠨ ᠫᠢᠩ᠂ ᠲᠤᠮᠳᠠᠳᠤ ᠤᠯᠤᠰ ᠢᠰᠫᠠᠨᠢ ᠶᠢᠨ ᠵᠠᠰᠠᠭ ᠤᠨ ᠤᠷᠳᠤᠨ ᠤ ᠠᠪᠴᠦ ᠪᠦᠬᠦᠢ ᠬᠢᠵᠢᠭ ᠲᠠᠢ | ᠲᠡᠮᠡᠴᠡᠬᠦ ᠠᠷᠭ᠎ᠠ ᠬᠡᠮᠵᠢᠶ᠎ᠡ ᠶᠢ ᠲᠠᠮᠵᠢᠵᠤ᠂ ᠢᠰᠫᠠᠨᠢ ᠶᠢᠨ ᠤᠳᠤᠬᠠᠨ ᠤ ᠲᠤᠯᠭᠠᠷᠠᠵᠤ ᠪᠠᠶᠢᠭ᠎ᠠ ᠬᠦᠨᠳᠤ ᠨᠤᠴᠢᠳᠠᠢ | ᠪᠠᠶᠢᠳᠠᠯ ᠢ ᠤᠢᠢᠯᠠᠭᠠᠵᠤ ᠪᠠᠶᠢᠨ᠎ᠡ᠂ ᠲᠤᠷᠠᠳᠠᠶ᠎ᠡ ᠢᠰᠫᠠᠨᠢ ᠶᠢᠨ ᠬᠢᠨ ᠤ ᠶᠠᠭᠠᠷᠠᠳᠠᠬ ᠲᠤ ᠶᠠᠭᠠᠷᠠᠵᠦ᠂ ᠴᠢᠳᠠᠯ ᠤᠨ | ᠬᠢᠷᠢ ᠪᠠᠷ ᠢᠶᠠᠨ ᠲᠠᠮᠵᠢᠯᠭᠡ ᠪᠠ ᠲᠤᠰᠠᠯᠠᠮᠵᠢ ᠬᠠᠨᠭ᠍ᠭᠠᠵᠤ᠂ ᠰᠡᠷᠭᠡᠶᠢᠯᠡᠨ ᠡᠵᠡᠮᠳᠡᠬᠦ ᠪᠠ ᠡᠮᠨᠡᠨ ᠵᠠᠰᠠᠬᠰᠠᠨ | ᠲᠤᠷᠰᠢᠯᠭ᠎ᠠ ᠪᠠᠨ ᠬᠤᠪᠢᠶᠠᠯᠴᠠᠵᠤ᠂ ᠲᠤᠮᠳᠠᠳᠤ ᠢᠰᠫᠠᠨᠢ ᠬᠤᠶᠠᠷ ᠤᠯᠤᠰ ᠤᠨ ᠠᠷᠠᠳ ᠲᠦᠮᠡᠨ ᠤ ᠡᠷᠡᠬᠦᠯ ᠮᠠᠨᠳᠤ | ᠠᠵᠠ ᠵᠢᠷᠭᠠᠯ ᠵᠢᠴᠢ ᠪᠦᠬᠦ ᠪᠦᠮᠪᠦᠷᠴᠡᠭ ᠤᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠤ | ᠲᠦᠯᠦᠭᠡ ᠬᠤᠪᠢ ᠨᠠᠮᠡᠷᠢ ᠦᠵᠡᠬᠦᠯᠤᠨ᠎ᠡ᠃ ᠬᠢᠵᠢᠭ ᠤᠨ ᠪᠠᠶᠢᠳᠠᠯ ᠦᠡᠭᠭᠡᠷᠡᠭᠰᠡᠨ ᠤ ᠲᠠᠷᠠᠭ᠎ᠠ᠂ ᠬᠤᠶᠠᠷ | ᠲᠠᠯ᠎ᠡ ᠪᠠᠷ ᠢᠶᠠᠨ ᠦᠷᠭᠡᠨ ᠬᠦᠷᠢᠶᠡᠨ ᠳᠠᠬᠢ ᠰᠤᠯᠢᠯᠴᠠᠭ᠎ᠠ ᠬᠠᠮᠳᠤᠷᠠᠯᠴᠠᠭ᠎ᠠ ᠪᠠᠨ ᠱᠠᠯᠠᠪᠳᠠᠨ ᠠᠬᠢᠭᠤᠯᠤᠶ᠎ᠡ᠃ | ᠲᠤᠮᠳᠠᠳᠤ ᠤᠯᠤᠰ ᠲᠤᠷᠠᠳᠠᠶ᠎ᠡ ᠦᠷᠬᠦᠯᠵᠢᠯᠡᠨ ᠢᠰᠫᠠᠨᠢ ᠶᠢᠨ ᠴᠢᠨᠠᠷ ᠰᠠᠶᠢᠳᠠᠢ ᠤᠨᠴᠠᠯᠢᠬᠳᠤ ᠦᠢᠯᠡᠳᠬᠦᠨ ᠤ | ᠤᠷᠤᠭᠤᠯᠤᠯᠳᠠ ᠪᠠᠨ ᠦᠷᠭᠡᠳᠭᠡᠨ᠎ᠡ᠃ ︽ᠰᠠᠯᠬᠢ ᠪᠤᠷᠤᠭᠠᠨ ᠦᠡᠭᠭᠡᠷᠡᠪᠡᠯ ᠨᠠᠷᠠ ᠲᠤᠶᠠᠭᠠᠷᠠᠳᠠᠬ ᠶᠤᠮ︾᠂ | ᠬᠢᠵᠢᠭ ᠲᠠᠢ ᠲᠡᠮᠡᠴᠡᠬᠦ ᠬᠠᠳᠠᠭᠤ ᠰᠢᠯᠭᠠᠯᠳᠠ ᠶᠢ ᠬᠠᠮᠳᠤ ᠪᠠᠷ ᠲᠤᠭᠤᠯᠤᠬᠰᠠᠨ ᠤ ᠬᠤᠶᠢᠨ᠎ᠠ᠂ ᠲᠤᠮᠳᠠᠳᠤ | ᠢᠰᠫᠠᠨᠢ ᠶᠢᠨ ᠨᠦᠬᠦᠷᠯᠡᠯ ᠨᠡᠩ ᠪᠠᠬᠢᠵᠢᠵᠤ᠂ ᠬᠤᠶᠠᠷ ᠤᠯᠤᠰ ᠤᠨ ᠬᠠᠷᠢᠯᠴᠠᠭ᠎ᠠ ᠨᠡᠩ ᠰᠠᠶᠢᠨ ᠰᠠᠶᠢᠬᠠᠨ | ᠢᠷᠡᠭᠡᠳᠦᠢ ᠶᠢ ᠤᠬᠳᠤᠨ ᠠᠪᠬᠤ ᠭᠡᠳᠡᠭ ᠢ ᠪᠢ ᠢᠳᠡᠭᠡᠵᠤ ᠪᠠᠶᠢᠨ᠎ᠡ ᠭᠡᠵᠤ ᠴᠢᠬᠤᠯᠠᠴᠢᠯᠠᠪᠠ᠃ | ᠰᠠᠩᠴᠢᠶᠧᠰ᠂ ᠢᠰᠫᠠᠨᠢ ᠪᠤᠯᠤᠨ ᠲᠤᠮᠲᠠᠲᠤ ᠤᠯᠤᠰ ᠶᠡᠷᠦᠨᠢ ᠬᠠᠷᠢᠯᠴᠠᠠ ᠲᠡᠮᠵᠢᠯᠴᠡᠵᠦ᠂ ᠰᠠᠬᠢᠨ ᠪᠠᠷᠠᠯᠠᠵᠦ | ᠬᠠᠷᠢᠯᠴᠠᠠ ᠬᠠᠪᠰᠤᠷᠤᠯᠴᠠᠬᠰᠠᠭᠠᠷ ᠢᠷᠡᠵᠠᠢ᠂ ᠡᠨᠡ ᠨᠢ ᠬᠠᠮᠲᠤ ᠪᠠᠷ ᠬᠢᠵᠢᠭ ᠲᠠᠢ ᠲᠡᠮᠡᠴᠡᠬᠦ ᠶᠠᠪᠤᠴᠠ ᠳᠤ ᠬᠦᠢᠴᠡᠳ | ᠢᠯᠡᠷᠡᠭᠰᠡᠡ ᠪᠠᠶᠢᠨ᠎ᠠ᠃ ᠤᠲᠤᠬᠠᠠ ᠳᠤ ᠢᠰᠫᠠᠨᠢ ᠶᠢᠨ ᠬᠢᠵᠢᠭ ᠤᠨ ᠪᠠᠶᠢᠲᠠᠯ ᠬᠦᠨᠳᠦ ᠨᠤᠴᠢᠳᠠᠢ ᠪᠠᠶᠢᠨ᠎ᠠ᠂ | ᠲᠤᠮᠲᠠᠲᠤ ᠶᠢᠨ ᠬᠢᠨ ᠢᠰᠫᠠᠨᠢ ᠳᠤ ᠪᠠᠴᠢᠮ ᠭᠡᠷᠡᠭᠰᠡᠬᠦ ᠡᠮᠴᠢᠯᠡᠭᠡᠡ ᠤ ᠡᠳ᠋ ᠪᠤᠲᠠᠰ ᠬᠠᠩᠭᠠᠭᠰᠠᠠ ᠨᠢ ᠢᠰᠫᠠᠨᠢ ᠶᠢᠨ | ᠠᠷᠠᠳ ᠲᠦᠮᠡᠡ ᠯᠦᠭᠡ ᠶᠢᠨ ᠨᠦᠬᠦᠷᠯᠡᠯ ᠢ ᠬᠦᠢᠴᠡᠳ ᠬᠠᠷᠠᠭᠤᠯᠵᠦ ᠪᠤᠢ᠂ ᠡᠭᠦᠨ ᠳᠤ ᠢᠰᠫᠠᠨᠢ ᠶᠢᠨ ᠠᠷᠠᠳ ᠲᠦᠮᠡᠡ | ᠬᠦᠨ ᠲᠠᠯᠠᠷᠬᠠᠵᠦ ᠪᠠᠶᠢᠨ᠎ᠠ᠃ ᠢᠰᠫᠠᠨᠢ ᠶᠢᠨ ᠵᠠᠰᠠᠭ ᠤᠨ ᠤᠷᠲᠤᠨ ᠢᠰᠫᠠᠨᠢ ᠳᠤ ᠪᠠᠶᠢᠭ᠎ᠠ ᠲᠤᠮᠲᠠᠲᠤ ᠤᠯᠤᠰ ᠤᠨ | ᠠᠷᠠᠳ ᠢᠷᠭᠡᠳ ᠤᠨ ᠡᠷᠡᠭᠦᠯ ᠮᠡᠨᠳᠤ ᠠᠮᠤᠷ ᠲᠦᠪᠰᠢᠨ ᠢ ᠴᠢᠲᠠᠯ ᠤᠨ ᠬᠢᠷᠢ ᠪᠠᠷ ᠢᠶᠠᠨ ᠬᠠᠮᠠᠭᠠᠯᠠᠨ᠎ᠠ᠃ ᠬᠢᠵᠢᠭ ᠤᠨ | ᠪᠠᠶᠢᠲᠠᠯ ᠪᠤᠯ ᠲᠡᠯᠡᠭᠡᠢ ᠨᠡᠶᠢᠭᠡᠮ ᠳᠤ ᠲᠤᠯᠭᠠᠷᠠᠵᠦ ᠪᠠᠶᠢᠭ᠎ᠠ ᠬᠠᠮᠲᠤ ᠶᠢᠨ ᠦᠷᠢᠰᠦᠯᠲᠦᠭᠡᠡ ᠮᠦᠨ᠂ ᠡᠯ᠎ᠠ ᠤᠯᠤᠰ | ᠬᠦᠴᠤ ᠪᠠᠨ ᠬᠠᠮᠲᠤᠳᠬᠠᠠ ᠠᠷᠭᠠᠴᠠᠭᠠᠪᠠᠯ ᠵᠤᠬᠢᠨ᠎ᠠ᠃ ᠢᠰᠫᠠᠨᠢ ᠶᠢᠨ ᠬᠢᠨ ᠲᠤᠮᠲᠠᠲᠤ ᠤᠯᠤᠰ ᠨᠡᠭᠡᠭᠡᠯᠲᠡᠲᠦ | ᠤᠪᠤᠷ ᠢᠶᠠᠷ ᠤᠯᠠᠠ ᠤᠯᠤᠰ ᠯᠤᠭ᠎ᠠ ᠶᠢᠨ ᠬᠠᠮᠲᠤᠷᠠᠯᠴᠠᠭ᠎ᠠ ᠶᠢ ᠠᠬᠢᠭᠤᠯᠵᠦ ᠪᠠᠶᠢᠬᠤ ᠶᠢ ᠮᠠᠭᠲᠠᠠ ᠰᠠᠶᠢᠰᠢᠶᠠᠵᠦ᠂ | ᠲᠤᠷᠠᠲᠠᠶ᠎ᠠ ᠲᠤᠮᠲᠠᠲᠤ ᠤᠯᠤᠰ ᠯᠤᠭ᠎ᠠ ᠡᠯ᠎ᠠ ᠬᠦᠷᠢᠶᠡᠡ ᠳᠠᠬᠢ ᠰᠤᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ | ᠬᠢᠵᠢᠭ ᠤᠨ ᠪᠠᠶᠢᠲᠠᠯ ᠦᠩᠭᠡᠷᠡᠭᠰᠡᠡ ᠤ ᠲᠠᠷᠠᠭ᠎ᠠ᠂ ᠬᠤᠶᠠᠷ ᠤᠯᠤᠰ ᠤᠨ ᠬᠠᠷᠢᠯᠴᠠᠭ᠎ᠠ ᠤᠯᠠᠮ ᠴᠢᠨᠠᠭᠰᠢᠲᠠ | ᠬᠦᠭᠵᠢᠭᠦ ᠶᠢ ᠢᠲᠡᠭᠡᠵᠦ ᠪᠠᠶᠢᠨ᠎ᠠ᠃ ᠠᠭᠤᠤ ᠶᠡᠭᠡ ᠲᠤᠮᠲᠠᠲᠤ ᠤᠯᠤᠰ ᠤᠨ ᠠᠷᠠᠳ ᠲᠦᠮᠡᠡ ᠡᠷᠡᠭᠦᠯ ᠴᠢᠬᠢᠷᠠᠭ | ᠠᠮᠤᠷ ᠠᠮᠤᠭᠤᠯᠠᠩ ᠪᠠᠶᠢᠬᠤ ᠶᠢ ᠬᠦᠰᠡᠡ ᠵᠦᠩᠨᠡᠵᠦ ᠪᠠᠶᠢᠨ᠎ᠠ ᠭᠡᠵᠦ ᠢᠯᠡᠳᠭᠡᠪᠡ᠃ |