ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠣᠭᠤᠯᠵᠠᠢ
ᠨᠡᠶᠢᠲᠡᠯᠡᠭᠰᠡᠨ ᠴᠠᠭ᠄
2020-03-19
     ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠪᠠᠶᠢᠩᠭᠤ ᠶᠢᠨ ᠬᠤᠷᠢᠶ᠎ᠠ 3 ᠰᠠᠷ᠎ᠠ ᠶᠢᠨ 18 ᠤ ᠡᠲᠦᠷ ᠬᠤᠷᠠᠯ ᠬᠤᠷᠠᠯᠲᠤᠭᠤᠯᠵᠦ᠂ ᠤᠯᠤᠰ ᠤᠨ ᠲᠤᠲᠤᠭᠠᠲᠤ ᠭᠠᠲᠠᠭᠠᠲᠤ ᠶᠢᠨ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠪᠠ ᠠᠵᠦ ᠠᠬᠤᠢ ᠶᠢᠨ ᠪᠠᠶᠢᠲᠠᠯ ᠢ ᠵᠠᠳᠠᠯᠵᠦ᠂ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠪᠠ ᠠᠵᠦ ᠠᠬᠤᠢ ᠨᠡᠶᠢᠭᠡᠮ ᠤᠨ ᠬᠦᠭᠵᠢᠯᠲᠠ ᠶᠢ ᠨᠢᠭᠡᠲᠦᠯᠲᠡᠢ ᠲᠦᠯᠦᠪᠵᠢᠭᠦᠯᠦᠨ ᠰᠠᠶᠢᠳᠤᠷ ᠠᠳᠬᠤᠬᠤ ᠭᠤᠤᠯᠲᠠᠯᠭ᠎ᠠ ᠲᠠᠢ ᠠᠵᠢᠯ ᠢ ᠰᠤᠲᠤᠯᠤᠨ ᠪᠠᠶᠢᠷᠢᠯᠠᠭᠤᠯᠪᠠ᠃ ᠨᠠᠮ ᠤᠨ ᠲᠦᠪ ᠬᠤᠷᠢᠶᠠᠠ ᠤ ᠶᠡᠷᠦᠩᠭᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠦ ᠴᠢᠬᠤᠯᠠ ᠶᠠᠷᠢᠶ᠎ᠠ ᠲᠠᠯᠪᠢᠪᠠ᠃      ᠰᠢ ᠶᠢᠨ ᠫᠢᠩ᠂ ᠪᠦᠬᠦ ᠤᠯᠤᠰ ᠲᠠᠶᠠᠭᠠᠷ ᠪᠠ ᠦᠷᠭᠡᠡ ᠤᠯᠠᠠ ᠠᠷᠠᠳ ᠤᠯᠠᠠ ᠤ ᠬᠠᠮᠲᠤ ᠶᠢᠨ ᠴᠢᠷᠮᠠᠶᠢᠯᠭ᠎ᠠ ᠪᠠᠷ᠂ ᠪᠦᠬᠦ ᠤᠯᠤᠰ ᠤᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠪᠠᠶᠢᠲᠠᠯ ᠦᠷᠬᠦᠯᠵᠢᠯᠡᠡ ᠰᠠᠶᠢᠵᠢᠷᠠᠵᠦ᠂ ᠦᠢᠯᠡᠳᠪᠦᠷᠢᠯᠡᠯ ᠠᠮᠢᠲᠤᠷᠠᠯ ᠤᠨ ᠡᠮᠬᠢ ᠲᠢᠭᠯᠢᠮ ᠢ ᠲᠦᠷᠭᠡᠡ ᠰᠡᠷᠭᠦᠭᠡᠵᠦ ᠪᠠᠶᠢᠬᠤ ᠪᠠᠶᠢᠲᠠᠯ ᠢ ᠲᠠᠰᠤᠷᠠᠯᠲᠠ ᠦᠭᠡᠢ ᠪᠠᠬᠢᠵᠢᠭᠦᠯᠦᠨ ᠦᠷᠭᠡᠳᠭᠡᠵᠦ᠂ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠪᠠ ᠠᠵᠦ ᠠᠬᠤᠢ ᠨᠡᠶᠢᠭᠡᠮ ᠤᠨ ᠬᠦᠭᠵᠢᠯᠲᠠ ᠶᠢ ᠨᠢᠭᠡᠲᠦᠯᠲᠡᠢ ᠲᠦᠯᠦᠪᠵᠢᠭᠦᠯᠦᠨ ᠠᠬᠢᠭᠤᠯᠬᠤ ᠠᠵᠢᠯ ᠢᠲᠡᠪᠬᠢᠲᠠᠢ ᠠᠮᠵᠢᠯᠲᠠ ᠪᠦᠲᠦᠮᠵᠢ ᠤᠯᠵᠠᠢ᠃ ᠡᠭᠦᠨ ᠤ ᠵᠡᠷᠭᠡ ᠪᠠᠷ᠂ ᠪᠢᠲᠠᠠ ᠳᠤ ᠪᠠᠰᠠ ᠴᠦᠭᠡᠡ ᠪᠤᠰᠤ ᠰᠢᠨ᠎ᠠ ᠪᠠᠶᠢᠲᠠᠯ ᠰᠢᠨ᠎ᠠ ᠠᠰᠠᠭᠤᠲᠠᠯ ᠲᠤᠯᠭᠠᠷᠠᠵᠦ ᠪᠠᠶᠢᠨ᠎ᠠ᠂ ᠢᠯᠠᠩᠭᠤᠶ᠎ᠠ ᠬᠢᠯᠢ ᠶᠢᠨ ᠭᠠᠲᠠᠨᠠᠬᠢ ᠬᠢᠵᠢᠭ ᠤᠨ ᠪᠠᠶᠢᠲᠠᠯ ᠲᠠᠷᠬᠠᠠ ᠲᠡᠯᠭᠡᠷᠡᠵᠦ᠂ ᠲᠡᠯᠡᠭᠡᠢ ᠶᠢᠨ ᠠᠵᠦ ᠠᠬᠤᠢ ᠶᠢᠨ ᠬᠦᠭᠵᠢᠯᠲᠠ ᠳᠤ ᠠᠰᠢᠭ ᠦᠭᠡᠢ ᠨᠦᠯᠦᠭᠡ ᠦᠵᠡᠭᠦᠯᠵᠦ᠂ ᠮᠠᠠ ᠤ ᠤᠯᠤᠰ ᠤᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠪᠠ ᠠᠵᠦ ᠠᠬᠤᠢ ᠶᠢᠨ ᠬᠦᠭᠵᠢᠯᠲᠠ ᠳᠤ ᠪᠠᠰᠠ ᠰᠢᠨ᠎ᠠ ᠦᠷᠢᠰᠦᠯᠲᠦᠭᠡᠡ ᠲᠤᠯᠭᠠᠷᠠᠭᠤᠯᠪᠠ᠃ ᠤᠯᠤᠰ ᠤᠨ ᠲᠤᠲᠤᠭᠠᠲᠤ ᠭᠠᠲᠠᠭᠠᠲᠤ ᠶᠢᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠪᠠ ᠠᠵᠦ ᠠᠬᠤᠢ ᠶᠢᠨ ᠪᠠᠶᠢᠲᠠᠯ ᠤᠨ ᠱᠠᠲᠤᠴᠢ ᠴᠢᠨᠠᠷ ᠲᠠᠢ ᠬᠤᠪᠢᠷᠠᠯᠲᠠ ᠶᠢ ᠤᠨᠤᠪᠴᠢᠲᠠᠢ ᠡᠵᠡᠮᠲᠡᠵᠦ᠂ ᠴᠠᠭ ᠪᠠ ᠪᠠᠶᠢᠲᠠᠯ ᠳᠤ ᠲᠤᠬᠢᠷᠠᠭᠤᠯᠤᠨ ᠠᠵᠢᠯ ᠤᠨ ᠬᠦᠴᠦᠯᠡᠴᠡ ᠪᠤᠯᠤᠨ ᠠᠷᠭᠠᠴᠠᠭᠠᠬᠤ ᠠᠷᠭ᠎ᠠ ᠬᠡᠮᠵᠢᠶ᠎ᠠ ᠳᠤ ᠲᠤᠬᠢᠷᠠᠭᠤᠯᠤᠯᠲᠠ ᠬᠢᠵᠦ᠂ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠠᠷᠠᠳ ᠤᠨ ᠲᠠᠶᠢᠠ᠂ ᠶᠡᠷᠦᠩᠭᠡᠢ ᠲᠠᠶᠢᠯᠠᠯᠲᠤᠭᠠᠠ᠂ ᠬᠤᠷᠢᠠᠠᠯᠠᠯᠲᠠ ᠶᠢᠨ ᠲᠠᠶᠢᠯᠠᠯᠲᠤᠭᠠᠠ ᠤ ᠢᠯᠠᠯᠲᠠ ᠶᠢ ᠤᠯᠬᠤ ᠶᠢ ᠪᠠᠲᠤᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠵᠦ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠰᠢᠢᠳᠪᠦᠷᠢᠲᠦ ᠲᠠᠶᠢᠯᠠᠯᠳᠤᠭᠠᠨ ᠤ ᠢᠯᠠᠯᠲᠠ ᠶᠢ ᠤᠯᠬᠤ ᠶᠢ ᠪᠠᠲᠤᠯᠬᠠᠤ ᠭᠡᠷᠡᠭᠲᠡᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠮᠠᠠ ᠤ ᠤᠯᠤᠰ ᠤᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠠᠵᠢᠯ ᠤᠨ ᠠᠮᠵᠢᠯᠲᠠ ᠶᠢ ᠬᠦᠢᠴᠡᠳ ᠨᠤᠲᠠᠯᠠᠬᠤ ᠶᠢᠨ ᠲᠠᠭᠠᠤ᠂ ᠤᠯᠤᠰ ᠤᠨ ᠲᠤᠲᠤᠭᠠᠲᠤ ᠭᠠᠲᠠᠭᠠᠲᠤ ᠶᠢᠨ ᠬᠢᠵᠢᠭ ᠤᠨ ᠪᠠᠶᠢᠲᠠᠯ ᠤᠨ ᠨᠠᠷᠢᠨ ᠪᠤᠲᠤᠯᠢᠶᠠᠠᠲᠦ ᠴᠢᠨᠠᠷ ᠪᠤᠯᠤᠨ ᠬᠦᠨᠳᠦ ᠨᠤᠴᠢᠳᠠᠢ ᠴᠢᠨᠠᠷ ᠢ ᠲᠤᠲᠤᠷᠬᠠᠢ ᠤᠯᠵᠦ ᠦᠵᠡᠬᠦ ᠭᠡᠷᠡᠭᠲᠡᠢ᠃ ᠬᠤᠪᠸᠢ ᠪᠤᠯᠤᠨ ᠦᠬᠠᠠ ᠤ ᠡᠮᠴᠢᠯᠡᠭᠡ ᠪᠠᠷ ᠠᠪᠤᠷᠠᠠ ᠵᠠᠰᠠᠬᠤ᠂ ᠨᠡᠶᠢᠭᠡᠮ ᠲᠤᠭᠤᠷᠢᠭ ᠤᠨ ᠰᠡᠷᠭᠡᠶᠢᠯᠡᠡ ᠡᠵᠡᠮᠲᠡᠬᠦ ᠪᠠ ᠰᠡᠭᠦᠯᠴᠢ ᠶᠢᠨ ᠠᠵᠢᠯ ᠤᠨ ᠡᠬᠦᠷᠭᠡ ᠮᠦᠨ ᠴᠤ ᠬᠠᠲᠠᠭᠤᠵᠢᠯᠲᠠᠢ ᠪᠦᠭᠡᠳ ᠬᠦᠨᠲᠦ ᠪᠠᠶᠢᠨ᠎ᠠ᠂ ᠪᠤᠰᠤᠳ ᠭᠠᠵᠠᠷ ᠤᠷᠤᠨ ᠤ ᠬᠦᠮᠦᠨ ᠬᠠᠷ᠎ᠠ ᠶᠢᠨ ᠶᠠᠪᠤᠵᠦ ᠰᠠᠭᠤᠬᠤ ᠪᠠ ᠬᠤᠷᠠᠵᠦ ᠴᠤᠭᠯᠠᠷᠠᠬᠤ ᠦᠵᠡᠭᠳᠡᠯ ᠨᠡᠮᠡᠭᠲᠡᠭᠰᠡᠠ ᠠᠴᠠ ᠪᠤᠯᠵᠦ ᠬᠢᠵᠢᠭ ᠤᠨ ᠪᠠᠶᠢᠲᠠᠯ ᠲᠠᠬᠢᠨ ᠰᠡᠷᠭᠦᠬᠦ ᠠᠶᠤᠯ ᠲᠦᠭᠰᠢᠬᠦᠷᠢ ᠶᠢ ᠨᠡᠮᠡᠭᠲᠡᠭᠦᠯᠬᠦ ᠠᠰᠠᠭᠤᠲᠠᠯ ᠮᠦᠨ ᠴᠤ ᠤᠷᠤᠰᠢᠵᠦ ᠪᠠᠶᠢᠨ᠎ᠠ᠂ ᠢᠯᠠᠩᠭᠤᠶ᠎ᠠ ᠲᠡᠯᠡᠬᠡᠢ ᠶᠢᠨ ᠬᠢᠵᠢᠭ ᠤᠨ ᠪᠠᠶᠢᠲᠠᠯ ᠲᠦᠷᠭᠡᠡ ᠲᠠᠷᠬᠠᠵᠦ ᠲᠡᠯᠭᠡᠷᠡᠭᠰᠡᠡ ᠠᠴᠠ ᠪᠤᠯᠤᠭᠰᠠᠠ ᠭᠠᠲᠠᠨ᠎ᠠ ᠠᠴᠠ ᠬᠠᠯᠲᠠᠪᠤᠷᠢᠯᠠᠠ ᠤᠷᠤᠵᠦ ᠢᠷᠡᠬᠦ ᠠᠶᠤᠯ ᠲᠦᠭᠰᠢᠬᠦᠷᠢ ᠨᠡᠮᠡᠭᠲᠡᠵᠦ ᠪᠠᠶᠢᠨ᠎ᠠ᠃ ᠡᠯ᠎ᠠ ᠵᠦᠢᠯ ᠤᠨ ᠰᠡᠷᠭᠡᠶᠢᠯᠡᠡ ᠡᠵᠡᠮᠲᠡᠬᠦ ᠠᠵᠢᠯ ᠢ ᠦᠴᠦᠭᠡᠡ ᠴᠤ ᠰᠤᠯᠠᠷᠠᠭᠤᠯᠤᠯ ᠦᠭᠡᠢ ᠪᠠᠷ ᠴᠢᠩᠭ᠎ᠠ ᠪᠤᠲᠠᠲᠠᠢ ᠨᠠᠷᠢᠯᠢᠬ ᠠᠳᠬᠤᠵᠦ᠂ ᠬᠢᠯᠪᠠᠷ ᠪᠤᠰᠤ ᠪᠠᠷ ᠤᠯᠤᠬᠰᠠᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠠᠵᠢᠯ ᠤᠨ ᠦᠷᠬᠦᠯᠵᠢᠯᠠᠠ ᠰᠠᠶᠢᠵᠢᠷᠠᠬᠤ ᠪᠠᠶᠢᠲᠠᠯ ᠳᠤ ᠤᠭᠲᠤ ᠰᠦᠷᠭᠡᠤ ᠡᠷᠬᠢᠯᠲᠠ ᠭᠠᠷᠭᠠᠵᠦ ᠪᠤᠯᠬᠤ ᠦᠭᠡᠢ᠃ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠤᠯᠠᠠ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠦ᠂ ᠲᠡᠯᠡᠭᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠠ ᠪᠠᠶᠢᠭᠤᠯᠤᠯᠲᠠ ᠲᠠᠢ ᠨᠢᠭᠲᠠ ᠬᠠᠮᠲᠤᠷᠠᠯᠴᠠᠵᠦ᠂ ᠪᠦᠬᠦ ᠲᠡᠯᠡᠭᠡᠢ ᠶᠢᠨ ᠬᠢᠵᠢᠭ ᠤᠨ ᠪᠠᠶᠢᠲᠠᠯ ᠤᠨ ᠬᠤᠪᠢᠷᠠᠯᠲᠠ ᠶᠢ ᠵᠠᠲᠠᠯᠵᠦ ᠵᠢᠱᠢᠬᠦ ᠪᠠᠨ ᠴᠢᠩᠭᠠᠳᠬᠠᠠ᠂ ᠬᠠᠯᠲᠠᠪᠤᠷᠢᠯᠠᠠ ᠤᠷᠤᠵᠦ ᠢᠷᠡᠬᠦ ᠠᠶᠤᠯ ᠲᠦᠭᠰᠢᠬᠦᠷᠢ ᠶᠢ ᠠᠷᠭᠠᠴᠠᠭᠠᠬᠤ ᠰᠡᠷᠭᠡᠶᠢᠯᠡᠡ ᠡᠵᠡᠮᠲᠡᠬᠦ ᠠᠷᠭ᠎ᠠ ᠪᠤᠲᠤᠯᠭ᠎ᠠ ᠪᠤᠯᠤᠨ ᠲᠦᠷᠤ ᠶᠢᠨ ᠪᠤᠲᠤᠯᠭ᠎ᠠ ᠠᠷᠭ᠎ᠠ ᠬᠡᠮᠵᠢᠶ᠎ᠠ ᠶᠢ ᠲᠡᠭᠦᠯᠲᠡᠷᠵᠢᠭᠦᠯᠵᠦ᠂ ᠬᠤᠯᠪᠤᠭᠲᠠᠯ ᠪᠦᠬᠦᠢ ᠤᠯᠤᠰ ᠯᠤᠭ᠎ᠠ ᠶᠢᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠲᠠᠯ᠎ᠠ ᠪᠠᠷ ᠬᠢ ᠰᠤᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠦ᠂ ᠴᠢᠲᠠᠯ ᠤᠨ ᠢᠶᠠᠨ ᠬᠢᠷᠢ ᠪᠠᠷ ᠦᠷᠬᠦᠯᠵᠢᠯᠡᠡ ᠬᠠᠪᠰᠤᠷᠤᠯᠭ᠎ᠠ ᠦᠵᠡᠭᠦᠯᠬᠦ ᠭᠡᠷᠡᠭᠲᠡᠢ᠃ ᠬᠢᠯᠢ ᠶᠢᠨ ᠭᠠᠲᠠᠨ᠎ᠠ ᠪᠠᠶᠢᠭ᠎ᠠ ᠮᠠᠠ ᠤ ᠤᠯᠤᠰ ᠤᠨ ᠠᠷᠠᠳ ᠢᠷᠭᠡᠳ ᠤᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠶᠢ ᠵᠢᠭᠠᠠ ᠵᠢᠯᠤᠭᠤᠳᠬᠤ ᠪᠠ ᠲᠡᠮᠵᠢᠯᠭᠡ ᠦᠵᠡᠭᠦᠯᠬᠦ ᠪᠠᠨ ᠴᠢᠩᠭᠠᠳᠬᠠᠵᠦ᠂ ᠡᠯ᠎ᠠ ᠵᠦᠢᠯ ᠤᠨ ᠠᠵᠢᠯ ᠢ ᠰᠠᠶᠢᠳᠤᠷ ᠬᠢᠵᠦ᠂ ᠲᠡᠲᠡᠡ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠭᠤᠤᠯᠲᠠᠯᠭ᠎ᠠ ᠲᠠᠢ ᠭᠠᠵᠠᠷ ᠤᠷᠤᠨ ᠤ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠠᠵᠢᠯ ᠢ ᠰᠢᠨᠵᠢᠯᠡᠬᠦ ᠤᠬᠠᠭᠠᠠᠴᠢ ᠤᠨᠤᠴᠠᠲᠠᠢ ᠰᠠᠶᠢᠨ ᠬᠢᠬᠦ ᠭᠡᠷᠡᠭᠲᠡᠢ᠃ ᠬᠤᠪᠸᠢ ᠮᠤᠵᠢ ᠪᠤᠯᠤᠨ ᠦᠬᠠᠠ ᠬᠤᠲᠠ ᠢᠮᠠᠬᠳᠠ ᠬᠢᠨᠠᠭᠤᠷ ᠪᠤᠯᠭᠤᠮᠵᠢᠳᠠᠢ ᠪᠠᠶᠢᠵᠦ᠂ ᠨᠢᠭᠡ ᠯᠡ ᠠᠮᠢᠰᠬᠤᠭ᠎ᠠ ᠪᠠᠷ ᠬᠢᠵᠦ᠂ ᠬᠤᠪᠸᠢ ᠶᠢ ᠬᠠᠮᠠᠭᠠᠯᠠᠬᠤ ᠲᠠᠶᠢᠯᠠᠯᠳᠤᠭᠠᠨ᠂ ᠦᠬᠠᠠ ᠢ ᠬᠠᠮᠠᠭᠠᠯᠠᠬᠤ ᠲᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠭᠡᠷᠡᠭᠲᠡᠢ᠃ ᠡᠮᠴᠢᠯᠡᠭᠡ ᠪᠠᠷ ᠠᠪᠤᠷᠠᠵᠦ ᠵᠠᠰᠠᠬᠤ ᠪᠠᠨ ᠦᠷᠬᠦᠯᠵᠢᠯᠡᠨ ᠴᠢᠩᠭᠠᠳᠬᠠᠵᠤ᠂ ᠬᠦᠨᠳᠤ ᠡᠪᠡᠳᠴᠢᠳᠠᠨ ᠢ ᠦᠨᠳᠤᠷ ᠲᠦᠪᠰᠢᠨ ᠪᠦᠬᠦᠢ ᠲᠤᠬᠳᠠᠬᠰᠡᠨ ᠡᠮᠨᠡᠯᠭᠡ ᠶᠢᠨ ᠬᠤᠷᠢᠶ᠎ᠡ ᠳᠤ ᠲᠦᠪᠯᠡᠷᠡᠬᠦᠯᠵᠤ᠂ ᠢᠯᠡᠷᠢᠰᠢᠭᠤᠯᠬᠤ ᠨᠤᠷᠮ᠎ᠡ ᠶᠢ ᠲᠡᠭᠡᠭᠰᠢᠯᠡᠬᠦᠯᠵᠤ᠂ ᠦᠬᠦᠬᠦ ᠨᠤᠷᠮ᠎ᠡ ᠶᠢ ᠪᠠᠭᠤᠷᠠᠭᠤᠯᠬᠤ ᠪᠠᠷ ᠴᠢᠷᠮᠠᠶᠢᠬᠤ ᠭᠡᠷᠡᠭᠳᠠᠢ᠃ ᠨᠡᠶᠢᠭᠡᠮ ᠲᠤᠭᠤᠷᠢᠭ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠬᠦᠯᠳᠡᠷᠵᠢᠬᠦᠯᠵᠤ᠂ ᠬᠢᠵᠢᠭ ᠦᠭᠡᠢ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠠᠵᠢᠯᠯᠠᠭᠠᠨ ᠤ ᠤᠷᠤᠨ ᠵᠠᠢ ᠶᠢ ᠡᠮᠬᠢ ᠲᠢᠭᠯᠢᠮ ᠲᠠᠢ ᠦᠷᠭᠡᠳᠭᠡᠬᠦ ᠭᠡᠷᠡᠭᠳᠠᠢ᠃ ᠦᠬᠠᠨ ᠬᠤᠳᠠ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠬᠦ ᠶᠢ ᠠᠯᠬᠤᠮ ᠠᠯᠬᠤᠮ ᠢᠶᠠᠷ ᠠᠬᠢᠭᠤᠯᠵᠤ᠂ ᠬᠤᠪᠸᠢ ᠮᠤᠵᠢ ᠶᠢᠨ ᠪᠤᠰᠤᠳ ᠭᠠᠵᠠᠷ ᠤᠷᠤᠨ ᠯᠠᠪᠳᠠᠭᠤᠨ ᠪᠠᠳᠤᠳᠠᠢ ᠪᠦᠭᠡᠳ ᠡᠮᠬᠢ ᠲᠢᠭᠯᠢᠮ ᠲᠠᠢ ᠪᠠᠷ ᠬᠠᠮᠢᠶᠡᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠬᠦᠴᠤᠨ ᠦᠭᠡᠢ ᠪᠤᠯᠭᠠᠬᠤ ᠭᠡᠷᠡᠭᠳᠠᠢ᠃ ᠬᠤᠪᠸᠢ ᠮᠤᠵᠢ ᠶᠢᠨ ᠬᠢᠨ ᠬᠠᠮᠢᠶ᠎ᠠ ᠪᠦᠬᠦᠢ ᠮᠤᠵᠢ ᠯᠤᠭ᠎ᠠ ᠰᠠᠨᠠᠭᠠᠴᠢᠯᠠᠭ᠎ᠠ ᠠᠴᠠ ᠪᠠᠨ ᠵᠤᠯᠭᠠᠯᠴᠠᠵᠤ᠂ ︽ᠴᠡᠭ ᠬᠠᠷᠠᠭᠠᠯᠵᠠᠭᠤᠯᠤᠬᠰᠡᠨ᠂ ᠨᠢᠭᠡ ᠦᠷᠳᠡᠭᠡᠴᠢᠯᠡᠭᠰᠡᠨ ᠬᠡᠯᠪᠡᠷᠢ︾ ᠶᠢᠨ ᠠᠵᠢᠯ ᠤᠨ ᠪᠠᠶᠢᠷᠢᠨ ᠳᠤᠨᠢ ᠬᠦᠷᠭᠡᠬᠦ᠂ ᠭᠠᠳᠠᠷ ᠤᠷᠤᠨ ᠤ ᠦᠬᠠᠨ ᠳᠤ ᠬᠤᠴᠤᠷᠤᠬᠰᠡᠨ ᠬᠦᠮᠦᠰ ᠤᠨ ᠨᠤᠳᠤᠭ ᠲᠠᠭᠠᠨ ᠪᠤᠴᠠᠬᠤ ᠵᠡᠷᠭᠡ ᠠᠵᠢᠯ ᠢ ᠰᠠᠶᠢᠳᠤᠷ ᠬᠢᠵᠤ᠂ ᠬᠦᠮᠤᠨ ᠬᠠᠷ᠎ᠡ ᠤᠷᠤᠵᠤ ᠢᠷᠠᠬᠦ ᠭᠠᠵᠠᠷ ᠤᠷᠤᠨ ᠬᠠᠷᠢᠶ᠎ᠡ ᠭᠠᠵᠠᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠭᠡᠷᠡᠭᠳᠠᠢ᠃ ᠬᠦᠮᠦᠡᠯᠢᠭ ᠬᠠᠯᠠᠮᠵᠢᠯᠠᠯ ᠢᠶᠠᠨ ᠴᠢᠩᠭᠠᠳᠬᠠᠵᠤ᠂ ᠰᠡᠳᠬᠢᠴᠠ ᠶᠢᠨ ᠵᠢᠯᠤᠭᠤᠳᠤᠮᠵᠢ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠬᠢᠵᠢᠭ ᠤᠨ ᠪᠠᠶᠢᠳᠠᠯ ᠤᠨ ᠬᠤᠶᠢᠰᠢᠳᠠ ᠶᠢᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠨᠡᠶᠢᠭᠡᠮ ᠤᠨ ᠵᠦᠷᠢᠴᠡᠯ ᠢ ᠰᠡᠷᠭᠡᠶᠢᠯᠡᠨ ᠠᠷᠢᠯᠭᠠᠬᠤ ᠭᠡᠷᠡᠭᠳᠠᠢ᠃ ᠪᠡᠭᠡᠵᠢᠩ ᠵᠡᠷᠭᠡ ᠪᠤᠰᠤᠳ ᠭᠤᠤᠯᠳᠠᠯᠭ᠎ᠠ ᠲᠠᠢ ᠭᠠᠵᠠᠷ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠪᠤᠶᠢᠯᠭᠠᠨ ᠰᠠᠶᠢᠳᠤᠷ ᠠᠳᠬᠤᠵᠤ᠂ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠪᠠᠨ ᠰᠢᠯᠢᠳᠡᠭᠵᠢᠬᠦᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ᠂ ᠴᠢᠭᠯᠡᠬᠦᠯᠤᠯᠳᠤ ᠴᠢᠨᠠᠷ ᠪᠤᠯᠤᠨ ᠪᠦᠳᠦᠮᠵᠢᠳᠤ ᠴᠢᠨᠠᠷ ᠢ ᠨᠡᠮᠡᠭᠳᠡᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃      ᠬᠤᠷᠠᠯ ᠠᠴᠠ᠂ ᠭᠠᠳᠠᠨ᠎ᠡ ᠠᠴᠠ ᠬᠠᠯᠳᠠᠪᠤᠷᠢᠯᠡᠨ ᠤᠷᠤᠵᠤ ᠢᠷᠡᠬᠦ ᠶᠢ ᠰᠡᠷᠭᠡᠶᠢᠯᠡᠬᠦ ᠭᠤᠤᠯᠳᠠᠯᠭ᠎ᠠ ᠲᠠᠢ ᠡᠬᠦᠷᠭᠡ ᠶᠢ ᠨᠠᠶᠢᠳᠠᠪᠤᠷᠢᠵᠢᠭᠤᠯᠵᠤ᠂ ᠲᠤᠭ᠎ᠠ ᠪᠠᠷᠢᠮᠳᠠ ᠶᠢ ᠬᠠᠮᠳᠤ ᠪᠠᠷ ᠡᠳ᠋ᠯᠡᠬᠦ᠂ ᠮᠡᠳᠡᠭᠡ ᠵᠠᠩᠭᠢ ᠶᠢ ᠵᠠᠷᠯᠡᠨ ᠮᠡᠳᠡᠭᠳᠡᠬᠦ ᠪᠠ ᠬᠢᠯᠢ ᠪᠠᠷ ᠤᠷᠤᠵᠤ ᠢᠷᠡᠬᠦ ᠬᠦᠮᠦᠰ ᠢ ᠬᠢᠨᠠᠨ ᠪᠠᠶᠢᠴᠠᠭᠠᠬᠤ ᠲᠤᠬᠳᠠᠴᠠ ᠶᠢ ᠲᠡᠬᠦᠯᠳᠡᠷᠵᠢᠬᠦᠯᠵᠤ᠂ ᠠᠭᠠᠷ ᠤᠨ ᠲᠡᠭᠡᠭᠡᠪᠤᠷᠢ᠂ ᠬᠢᠯᠢ ᠶᠢᠨ ᠪᠤᠭᠤᠮᠳᠠ ᠶᠢᠨ ᠬᠢᠵᠢᠭ ᠪᠠᠶᠢᠴᠠᠭᠠᠬᠤ᠂ ᠵᠤᠷᠢᠬᠰᠠᠨ ᠭᠠᠵᠠᠷ ᠲᠤᠨᠢ ᠬᠦᠷᠭᠡᠬᠦ᠂ ᠨᠡᠶᠢᠭᠡᠮ ᠲᠤᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠢ ᠪᠢᠳᠡᠬᠦᠮᠵᠢᠳᠦ ᠴᠠᠭᠠᠷᠢᠬ ᠪᠤᠯᠭᠠᠨ ᠪᠦᠷᠢᠯᠳᠦᠬᠦᠯᠬᠦ ᠭᠡᠷᠡᠭᠳᠠᠢ᠃ ᠬᠠᠮᠢᠶ᠎ᠠ ᠪᠦᠬᠦᠢ ᠤᠯᠤᠰ ᠤᠨ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠯᠤᠭ᠎ᠠ ᠵᠤᠬᠢᠴᠠᠭᠤᠯᠬᠤ ᠲᠤᠬᠳᠠᠴᠠ ᠶᠢ ᠲᠡᠬᠦᠯᠳᠡᠷᠵᠢᠬᠦᠯᠵᠤ᠂ ᠰᠡᠷᠭᠡᠶᠢᠯᠡᠨ ᠡᠵᠡᠮᠳᠡᠬᠦ ᠪᠤᠯᠤᠨ ᠠᠪᠤᠷᠠᠵᠦ ᠵᠠᠰᠠᠬᠤ ᠲᠤᠷᠰᠢᠯᠭ᠎ᠠ ᠪᠠᠨ ᠬᠤᠪᠢᠶᠠᠯᠴᠠᠬᠤ ᠪᠠᠨ ᠴᠢᠩᠭᠠᠳᠬᠠᠵᠤ᠂ ᠬᠤᠯᠪᠤᠭᠠᠯᠠᠵᠦ ᠪᠠᠶᠢᠭᠠᠳ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠤᠯᠳᠠ ᠶᠢ ᠠᠬᠢᠭᠤᠯᠬᠤ ᠭᠡᠷᠡᠭᠳᠠᠢ ᠭᠡᠵᠤ ᠱᠠᠭᠠᠷᠳᠠᠪᠠ᠃      ᠬᠤᠷᠠᠯ ᠠᠴᠠ᠂ ᠤᠯᠤᠰ ᠤᠨ ᠲᠤᠳᠤᠭᠠᠳᠤ ᠭᠠᠳᠠᠭᠠᠳᠤ ᠶᠢᠨ ᠤᠯᠠᠨ ᠵᠦᠢᠯ ᠤᠨ ᠬᠦᠴᠤᠨ ᠵᠦᠢᠯ ᠤᠨ ᠨᠦᠯᠦᠭᠡ ᠠᠴᠠ ᠪᠤᠯᠵᠤ᠂ ᠤᠳᠤᠬᠠᠨ ᠳᠤ ᠮᠠᠨ ᠤ ᠤᠯᠤᠰ ᠤᠨ ᠠᠵᠤ ᠠᠬᠤᠢ ᠤᠷᠤᠭᠤᠳᠠᠬᠤ ᠲᠠᠷᠤᠯᠳᠠ ᠦᠷᠬᠦᠯᠵᠢᠯᠡᠨ ᠨᠡᠮᠡᠭᠳᠡᠵᠤ ᠪᠠᠶᠢᠨ᠎ᠡ᠃ ᠡᠯ᠎ᠡ ᠱᠠᠳᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠲᠤᠯᠭᠠᠮ ᠪᠤᠳᠤᠯ ᠢᠶᠠᠨ ᠨᠡᠮᠡᠭᠳᠡᠬᠦᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠯᠦᠭᠡ ᠲᠤᠬᠢᠷᠠᠯᠴᠠᠬᠰᠡᠨ ᠠᠵᠤ ᠠᠬᠤᠢ ᠨᠡᠶᠢᠭᠡᠮ ᠤᠨ ᠡᠷᠬᠢᠯᠳᠠ ᠶᠢᠨ ᠡᠮᠬᠢ ᠲᠢᠭᠯᠢᠮ ᠢ ᠲᠦᠷᠭᠡᠳᠭᠡᠨ ᠪᠠᠶᠢᠭᠤᠯᠵᠤ᠂ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠬᠦ ᠶᠢ ᠢᠳᠡᠪᠬᠢᠳᠠᠢ ᠡᠮᠬᠢ ᠲᠢᠭᠯᠢᠮ ᠲᠠᠢ ᠠᠬᠢᠭᠤᠯᠵᠤ᠂ ᠬᠢᠵᠢᠭ ᠠᠴᠠ ᠪᠤᠯᠤᠬᠰᠠᠨ ᠬᠤᠬᠢᠷᠠᠯ ᠢ ᠬᠠᠮᠤᠭ ᠤᠨ ᠪᠠᠭ᠎ᠠ ᠬᠡᠮᠵᠢᠶᠠᠨ ᠳᠤ ᠬᠦᠷᠭᠡᠬᠦ ᠪᠠᠷ ᠴᠢᠷᠮᠠᠶᠢᠬᠤ ᠭᠡᠷᠡᠭᠳᠠᠢ᠃ ᠮᠤᠵᠢ ᠪᠠᠷ ᠨᠢᠭᠡᠴᠢ ᠪᠤᠯᠭᠠᠵᠤ ᠠᠵᠤ ᠠᠬᠤᠢ ᠨᠡᠶᠢᠭᠡᠮ ᠤᠨ ᠡᠮᠬᠢ ᠲᠢᠭᠯᠢᠮ ᠢ ᠰᠡᠷᠬᠦᠭᠡᠬᠦ ᠶᠢ ᠠᠬᠢᠭᠤᠯᠬᠤ ᠭᠡᠷᠡᠭᠳᠠᠢ᠃ ᠬᠠᠷᠢᠶ᠎ᠡ ᠰᠢᠶᠠᠨ ᠲᠤᠭᠤᠷᠢᠭ ᠨᠢ ᠪᠦᠷ ᠲᠤᠤᠷ᠎ᠡ ᠠᠶᠤᠯ ᠲᠦᠭᠰᠢᠬᠦᠷᠢ ᠲᠠᠢ ᠪᠤᠯᠬᠤ ᠮᠤᠵᠢ ᠶᠢᠨ ᠬᠢᠨ ᠬᠡᠪ ᠤᠨ ᠦᠢᠯᠡᠳᠪᠤᠷᠢᠯᠡᠯ ᠠᠮᠢᠳᠤᠷᠠᠯ ᠤᠨ ᠡᠮᠬᠢ ᠲᠢᠭᠯᠢᠮ ᠢᠶᠠᠨ ᠪᠦᠬᠦ ᠲᠠᠯ᠎ᠡ ᠪᠠᠷ ᠰᠡᠷᠬᠦᠭᠡᠬᠦ ᠭᠡᠷᠡᠭᠳᠠᠢ᠃ ᠬᠤᠪᠸᠢ᠂ ᠪᠡᠭᠡᠵᠢᠩ ᠠᠴᠠ ᠭᠠᠳᠠᠨ᠎ᠡ᠂ ᠮᠤᠵᠢ ᠶᠢᠨ ᠲᠤᠳᠤᠷ᠎ᠡ ᠪᠠᠰᠠ ᠲᠤᠮᠳᠠ ᠵᠡᠷᠭᠡ ᠶᠢᠨ ᠠᠶᠤᠯ ᠲᠦᠭᠰᠢᠬᠦᠷᠢ ᠲᠠᠢ ᠰᠢᠶᠠᠨ ᠲᠤᠭᠤᠷᠢᠭ ᠪᠠᠶᠢᠬᠤ ᠮᠤᠵᠢ ᠶᠢᠨ ᠬᠢᠨ ᠤᠨᠤᠴᠠᠳᠠᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠵᠤ᠂ ᠦᠢᠯᠡᠳᠪᠤᠷᠢᠯᠡᠯ ᠠᠮᠢᠳᠤᠷᠠᠯ ᠤᠨ ᠡᠮᠬᠢ ᠲᠢᠭᠯᠢᠮ ᠢᠶᠠᠨ ᠡᠮᠬᠢ ᠵᠢᠷᠤᠮ ᠲᠠᠢ ᠰᠡᠷᠬᠦᠭᠡᠬᠦ ᠭᠡᠷᠡᠭᠳᠠᠢ᠃ ᠲᠤᠤᠷ᠎ᠡ ᠠᠶᠤᠯ ᠲᠦᠭᠰᠢᠬᠦᠷᠢ ᠲᠠᠢ ᠭᠠᠵᠠᠷ ᠤᠷᠤᠨ ᠤ ᠬᠤᠭᠤᠷᠤᠨᠳᠤᠬᠢ ᠬᠦᠮᠤᠨ ᠬᠠᠷ᠎ᠡ ᠶᠢᠨ ᠶᠠᠪᠤᠯᠴᠠᠭ᠎ᠠ ᠪᠤᠯᠤᠨ ᠡᠳ᠋ ᠪᠠᠷᠠᠭ᠎ᠠ ᠶᠢ ᠵᠦᠭᠡᠭᠡᠪᠤᠷᠢᠯᠡᠬᠦ ᠳᠤ ᠬᠡᠷᠡᠭᠰᠡᠬᠦ ᠴᠢᠬᠤᠯᠠ ᠡᠷᠡᠬᠦᠯ ᠮᠠᠨᠳᠤ ᠶᠢᠨ ᠬᠡᠷᠡᠴᠢ ᠶᠢ ᠪᠦᠬᠦ ᠤᠯᠤᠰ ᠲᠤ ᠬᠠᠷᠢᠯᠴᠠᠨ ᠮᠡᠳᠡᠷᠡᠬᠦ ᠪᠤᠯᠭᠠᠵᠦ᠂ ᠲᠠᠬᠢᠨ ᠰᠠᠭᠠᠳ ᠭᠠᠷᠭᠠᠬᠤ ᠦᠭᠡᠢ ᠪᠠᠶᠢᠬᠤ ᠬᠡᠷᠡᠭᠳᠠᠢ᠂ ᠬᠦᠮᠦᠨ ᠬᠠᠷ᠎ᠡ ᠶᠢ ᠲᠤᠰᠠᠭᠠᠷᠯᠠᠬᠤ ᠠᠷᠭ᠎ᠠ ᠬᠡᠮᠵᠢᠶ᠎ᠡ ᠠᠪᠴᠤ ᠪᠤᠯᠬᠤ ᠦᠭᠡᠢ᠃ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠬᠦ ᠦᠷ᠎ᠡ ᠪᠦᠳᠤᠮᠵᠢ ᠪᠠᠨ ᠲᠡᠭᠡᠭᠰᠢᠯᠡᠬᠦᠯᠵᠤ᠂ ᠠᠵᠤ ᠠᠬᠤᠢᠢᠯᠠᠯ ᠤᠨ ᠬᠦᠮᠦᠨ ᠭᠡᠷᠡᠭᠯᠡᠬᠦ᠂ ᠪᠡᠯᠡ ᠮᠦᠡᠭᠭᠦ᠂ ᠲᠦᠬᠦᠭᠡᠢ ᠮᠠᠲ᠋ᠧᠷᠢᠶᠠᠯ ᠤᠨ ᠬᠠᠨᠭ᠍ᠭᠠᠯᠭ᠎ᠠ ᠵᠡᠷᠭᠡ ᠶᠢᠨ ᠭᠡᠷᠡᠭᠴᠡᠭᠡ ᠶᠢ ᠰᠢᠢᠳᠪᠤᠷᠢᠯᠡᠬᠦ ᠪᠠᠷ ᠭᠤᠤᠯᠳᠠᠭᠤᠯᠵᠦ᠂ ᠴᠢᠭᠯᠡᠬᠦᠯᠦᠯᠳᠤ ᠴᠢᠨᠠᠷᠳᠠᠢ ᠪᠠᠷ ᠤᠨᠤᠴᠠᠳᠠᠢ ᠠᠷᠭ᠎ᠠ ᠪᠤᠳᠤᠯᠭ᠎ᠠ ᠭᠡᠷᠡᠭᠵᠢᠬᠦᠯᠵᠤ᠂ ︽ᠲᠦᠭᠵᠢᠷᠠᠯ ︾ ᠢ ᠨᠡᠪᠳᠡᠷᠡᠬᠦᠯᠵᠤ᠂ ︽ᠲᠤᠳᠠᠭᠤᠳᠠᠯ︾ ᠢᠶᠠᠨ ᠨᠦᠬᠦᠪᠤᠷᠢᠯᠡᠬᠦ ᠭᠡᠷᠡᠭᠳᠠᠢ᠃ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠠᠵᠢᠯ ᠢ ᠰᠠᠶᠢᠳᠤᠷ ᠬᠢᠵᠤ᠂ ᠭᠡᠷ᠎ᠡ ᠪᠠᠨ ᠭᠡᠷᠡᠭᠵᠢᠬᠦᠯᠬᠦ᠂ ᠠᠵᠤ ᠠᠬᠤᠢᠢᠯᠠᠯ ᠤᠨ ᠦᠷᠢ ᠦᠭᠴᠡᠭᠡ᠂ ᠬᠦᠳᠡᠯᠮᠤᠷᠢ ᠪᠠ ᠬᠦᠷᠤᠩᠭᠡ ᠶᠢᠨ ᠬᠠᠷᠢᠴᠠᠭ᠎ᠠ ᠵᠡᠷᠭᠡ ᠵᠢᠭᠤᠷᠠᠯᠳᠤᠭᠠᠨ ᠢ ᠴᠠᠭ ᠲᠤᠬᠠᠢ ᠳᠤᠨᠢ ᠰᠢᠢᠳᠪᠤᠷᠢᠯᠡᠬᠦ ᠭᠡᠷᠡᠭᠳᠠᠢ ᠭᠡᠵᠤ ᠵᠢᠭᠠᠵᠤ ᠭᠠᠷᠭᠠᠪᠠ᠃      ᠬᠤᠷᠠᠯ ᠠᠴᠠ᠂ ᠲᠡᠯᠡᠭᠡᠢ ᠶᠢᠨ ᠠᠵᠤ ᠠᠬᠤᠢ ᠶᠢᠨ ᠪᠠᠶᠢᠳᠠᠯ ᠢ ᠰᠤᠳᠤᠯᠤᠨ ᠮᠠᠭᠠᠳᠯᠠᠵᠤ ᠵᠠᠳᠠᠯᠬᠤ ᠪᠠᠨ ᠴᠢᠩᠭᠠᠳᠬᠠᠵᠤ᠂ ᠴᠢᠭᠯᠡᠬᠦᠯᠦᠯᠳᠤ ᠴᠢᠨᠠᠷᠳᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠲᠤᠬᠳᠠᠭᠠᠬᠤ ᠭᠡᠷᠡᠭᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠨ ᠭᠠᠳᠠᠭᠠᠳᠤ ᠠᠵᠤ ᠠᠬᠤᠢ ᠠᠷᠠᠯᠵᠢᠶᠠᠨ ᠤ ᠬᠠᠮᠳᠤᠷᠠᠯᠴᠠᠭ᠎ᠠ ᠶᠢ ᠨᠠᠶᠢᠳᠠ ᠳᠤᠨᠢ ᠬᠠᠷᠠᠭᠠᠯᠵᠠᠵᠤ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠬᠰᠡᠨ ᠤᠷᠢᠳᠠᠯ ᠲᠤᠤᠷ᠎ᠡ ᠬᠤᠳᠠᠯᠳᠤᠭᠠᠨ ᠤ ᠶᠠᠪᠤᠳᠠᠯ ᠤᠨ ᠠᠵᠢᠯᠳᠠᠳ ᠤᠨ ᠶᠠᠪᠤᠵᠤ ᠰᠠᠭᠤᠬᠤ ᠳᠤ ᠲᠦᠬᠦᠮ ᠨᠦᠬᠦᠴᠡᠯ ᠬᠠᠨᠭ᠍ᠭᠠᠵᠤ᠂ ᠲᠡᠯᠡᠬᠡᠢ ᠶᠢᠨ ᠬᠠᠨᠭ᠍ᠭᠠᠯᠭ᠎ᠠ ᠶᠢᠨ ᠬᠡᠯᠬᠢᠶ᠎ᠡ ᠰᠠᠭᠠᠳ ᠦᠭᠡᠢ ᠨᠠᠪᠳᠡᠷᠡᠬᠦ ᠶᠢ ᠪᠠᠳᠤᠯᠠᠵᠤ᠂ ᠠᠷᠠᠯᠵᠢᠶᠠᠴᠢᠨ ᠤᠷᠢᠵᠤ ᠪᠡᠯᠡ ᠮᠦᠡᠭᠭᠦ ᠤᠷᠤᠭᠤᠯᠤᠨ ᠠᠪᠴᠢᠷᠠᠬᠤ᠂ ᠦᠵᠡᠰᠬᠦᠯᠡᠩ ᠴᠤᠬᠯᠠᠭᠠᠨ ᠤ ᠦᠢᠯᠡᠴᠢᠯᠡᠭᠡᠨ ᠤ ᠬᠡᠪ ᠵᠠᠬᠪᠤᠷ ᠢ ᠰᠢᠨᠡᠴᠢᠯᠡᠵᠤ᠂ ᠡᠯ᠎ᠡ ᠲᠦᠷᠦᠯ ᠤᠨ ᠠᠵᠤ ᠠᠬᠤᠢ ᠠᠷᠠᠯᠵᠢᠶᠠᠨ ᠤ ᠠᠵᠢᠯᠯᠠᠭᠠᠨ ᠭᠡᠪ ᠤᠨ ᠶᠤᠰᠤᠭᠠᠷ ᠶᠠᠪᠤᠬᠳᠠᠬᠤ ᠶᠢ ᠪᠠᠳᠤᠯᠠᠬᠤ ᠭᠡᠷᠡᠭᠳᠠᠢ ᠭᠡᠵᠤ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号