ᠥᠥᠰᠢᠨ ᠵᠠᠰᠠᠭ ᠠᠯᠪᠠᠨ ᠲᠠᠷᠬᠠᠭᠠᠬᠤ〔 2020〕10 ᠳ᠋ᠤᠭᠠᠷ ᠲᠤᠭᠠᠲᠤ | | | ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ | ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠪᠣᠯᠤᠨ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠳᠤ᠄ | ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠵᠢᠴᠢ ᠮᠠᠨ ᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ︽ᠪᠥᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠣᠯᠪᠠᠰᠤᠨ ᠬᠤᠲᠠ | ︾ ᠶᠢ ᠡᠭᠦᠳᠦᠨ ᠪᠠᠶᠢᠭᠤᠯᠬᠤ ᠳᠤ ᠤᠯᠠᠮ ᠨᠢᠭᠡ ᠠᠯᠬᠤᠮ ᠬᠦᠴᠦᠨ ᠨᠡᠮᠡᠷᠢᠯᠡᠵᠦ ᠬᠤᠲᠠ ᠪᠠᠯᠭᠠᠰᠤᠨ ᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ ᠬᠤᠲᠠ ᠪᠠᠯᠭᠠᠰᠤᠨ ᠤ ᠪᠦᠬᠦᠯᠢ ᠴᠣᠭᠴᠠ ᠶᠢᠨ ᠲᠦᠷᠢ | ᠲᠦᠷᠬᠦ ᠶᠢ ᠲᠡᠭᠡᠭᠰᠢᠯᠡᠬᠦᠯᠵᠤ ᠡᠶ᠎ᠡ ᠵᠣᠬᠢᠴᠠᠯ ᠲᠠᠢ᠂ ᠴᠡᠪᠡᠷ ᠲᠡᠭᠰᠢ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ | ᠡᠮᠬᠢ ᠲᠢᠭᠯᠢᠮ ᠲᠠᠢ ᠣᠷᠴᠢᠨ ᠲᠣᠭᠤᠷᠢᠨ ᠢ ᠪᠣᠶ ᠪᠣᠯᠭᠠᠬᠤ ᠶᠢᠨ ᠳᠣᠰᠠᠳᠠ ︽ᠬᠤᠲᠠ ᠶᠢᠨ ᠲᠦᠷᠢ ᠲᠦᠷᠬᠦ ᠪᠠ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠤᠨ ᠬᠠᠮᠢᠶᠠᠷᠤᠯᠲᠠ ᠶᠢᠨ ᠲᠦᠷᠢᠮ︾ ︽ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠳᠦᠷᠢᠮ︾ ︽ | ᠣᠷᠳᠣᠰ ᠬᠤᠲᠠ ᠶᠢᠨ ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠠᠵᠢᠯ ᠤᠨ ᠳᠦᠷᠢᠮ︾᠂ ︽ᠣᠷᠳᠣᠰ | ᠬᠤᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠲᠣᠭᠲᠠᠭᠠᠯ︾ ᠵᠡᠷᠭᠡ | ᠬᠠᠤᠯᠢ ᠲᠦᠷᠢᠮ ᠢ ᠦᠨᠳᠣᠰᠣᠯᠡᠨ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠭᠠᠯᠠᠭᠤᠲᠤ ᠪᠠᠯᠭᠠᠰᠤᠨ ᠳᠠᠬᠢ | ᠵᠡᠭᠡᠯᠢ ᠤᠷᠤᠭᠤ ᠬᠠᠨᠳᠤᠭᠰᠠᠨ ᠪᠠᠶᠢᠭᠤᠯᠭ᠎ᠠ ᠨᠢᠭᠡᠴᠢ᠂ ᠬᠤᠪᠢ ᠶᠢᠨ ᠡᠵᠡᠩᠨᠡᠯᠲᠡ ᠶᠢᠨ ᠡᠷᠦᠬᠡ᠂ ᠪᠠᠷᠢᠯᠭ᠎ᠠ ᠶᠢᠨ | ᠭᠠᠵᠠᠷ ︵ᠳᠣᠷᠣᠭᠰᠢ ᠬᠠᠷᠢᠭᠤᠴᠠᠯᠭ᠎ᠠ ᠶᠢᠨ ᠭᠤᠤᠯ ᠴᠣᠭᠴᠠ ᠭᠡᠵᠦ ᠨᠡᠷᠡᠯᠡᠨ᠎ᠡ︶ ᠲᠤ ︽ᠡᠭᠦᠳᠡᠨ ᠡᠮᠦᠨᠡᠬᠢ ᠲᠠᠪᠤ ᠶᠢ | ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠲᠠᠪᠤᠷᠢᠵᠢᠭᠤᠯᠬᠤ ᠪᠠᠷ ᠲᠣᠭᠲᠠᠪᠠ᠃ | ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ︽ᠡᠭᠦᠳᠡᠨ ᠡᠮᠦᠨᠡᠬᠢ ᠲᠠᠪᠤ ᠶᠢ ᠲᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠤᠨ | ᠬᠠᠮᠢᠶᠠᠷᠤᠯᠲᠠ ᠶᠢᠨ ᠬᠡᠪᠴᠢᠶ᠎ᠡ | ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠣᠷᠣᠨ ᠨᠢ ᠪᠠᠷᠢᠯᠭ᠎ᠠ ᠶᠢᠨ ᠵᠡᠭᠦᠨ ᠪᠠᠷᠠᠭᠤᠨ ᠵᠠᠯᠭᠠᠯᠳᠤᠬᠤ | ᠱᠤᠭᠤᠮ ᠢᠶᠠᠷ ᠵᠠᠭᠠᠭ ᠪᠣᠯᠭᠠᠵᠤ ︵ᠬᠥᠷᠰᠢ ᠵᠡᠷᠭᠡᠯᠡᠳᠡᠭᠡ ᠶᠢᠨ ᠬᠠᠷᠢᠭᠤᠴᠠᠯᠭ᠎ᠠ ᠶᠢ ᠭᠤᠤᠯ ᠴᠣᠭᠴᠠ ᠶᠢᠨ ᠲᠡᠯᠭᠡᠭᠦᠷ | ᠤᠨ ᠬᠤᠶᠠᠷ ᠤᠨ ᠨᠢᠭᠡ ᠬᠤᠪᠢ ᠶᠢᠨ ᠵᠠᠶ ᠪᠠᠷ ᠵᠠᠭᠠᠭ ᠪᠣᠯᠭᠠᠨ᠎ᠠ︶᠂ ᠡᠭᠦᠳᠡᠨ ᠡᠮᠦᠨᠡᠬᠢ ᠬᠡᠷᠡᠮ ᠤᠨ ᠰᠠᠭᠤᠷᠢ ᠠᠴᠠ | ᠶᠠᠪᠠᠭᠠᠨ ᠬᠥᠮᠦᠨ ᠤ ᠵᠠᠮ ᠬᠦᠷᠳᠡᠯᠡᠬᠢ ᠶᠢ ᠬᠠᠷᠢᠭᠤᠴᠠᠯᠭ᠎ᠠ ᠶᠢᠨ ᠤᠷᠤᠨ ᠪᠦᠰᠡ ᠪᠣᠯᠭᠠᠨ᠎ᠠ᠃ ᠵᠠᠳᠠᠭᠠᠶ ᠵᠠᠬ᠎ᠠ | ᠳᠡᠯᠭᠡᠭᠦᠷ᠂ ᠴᠡᠴᠡᠷᠯᠢᠭ ᠠᠭᠤᠳᠠᠮ ᠲᠠᠯᠠᠪᠠᠢ᠂ ᠲᠡᠷᠭᠡᠨ ᠵᠣᠭᠰᠣᠭᠠᠯ ᠵᠢᠴᠢ ᠪᠤᠰᠤᠳ ᠭᠠᠵᠠᠷ ᠤᠨ ᠬᠡᠰᠡᠭ ᠢ ᠪᠣᠯ | ᠬᠤᠰᠢᠭᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠣᠪᠴᠢᠶ᠎ᠠ ᠠᠴᠠ | ᠬᠤᠪᠢᠶᠠᠷᠢᠯᠠᠨ ᠲᠣᠭᠲᠠᠭᠠᠨ᠎ᠠ᠃ | ᠬᠤᠶᠠᠷ᠂ ︽ᠡᠭᠦᠳᠡᠨ ᠡᠮᠦᠨᠡᠬᠢ ᠲᠠᠪᠤ ᠶᠢ ᠲᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠤᠨ | ᠬᠠᠮᠢᠶᠠᠷᠤᠯᠲᠠ ᠶᠢᠨ ᠠᠭᠤᠯᠭ᠎ᠠ ᠪᠣᠯᠤᠨ ᠪᠠᠷᠢᠮᠵᠢᠶ᠎ᠠ | ︵ᠨᠢᠭᠡ︶ ᠠᠷᠢᠭᠤᠨ ᠴᠡᠪᠡᠷ ᠢ ᠳᠠᠭᠠᠭᠠᠴᠢᠯᠠᠬᠤ᠃ ᠬᠠᠷᠢᠭᠤᠴᠠᠯᠭ᠎ᠠ ᠶᠢᠨ ᠣᠷᠣᠨ ᠤ ᠳᠣᠲᠣᠷᠠᠬᠢ ᠶᠢ | ᠴᠡᠪᠡᠷᠯᠡᠵᠦ ᠡᠷᠡᠭᠦᠯ ᠬᠠᠮᠠᠭᠠᠯᠠᠯ ᠢᠶᠠᠷ ᠪᠠᠷᠤᠭᠲᠠᠢ ᠶᠢ ᠨᠢ ᠲᠦᠢᠯᠪᠤᠷᠢᠲᠠᠶ ᠴᠡᠪᠡᠷᠯᠡᠵᠦ ︽ᠭᠤᠷᠪᠠᠨ ᠴᠡᠪᠡᠷ︾ ︵ | ᠭᠠᠵᠠᠷ ᠤᠨ ᠭᠠᠳᠠᠷᠭᠤ ᠨᠢ ᠴᠡᠪᠡᠷ᠂ ᠬᠡᠷᠡᠮ ᠨᠢ ᠴᠡᠪᠡᠷ᠂ ᠨᠣᠭᠤᠭᠠᠷᠠᠭᠤᠯᠣᠭᠰᠠᠨ ᠭᠠᠵᠠᠷ ᠨᠢ ᠴᠡᠪᠡᠷ︶᠂ ︽ᠨᠠᠢᠮᠠᠨ | ᠦᠭᠡᠢ︾ ︵ᠬᠤᠭ ᠨᠣᠪᠰᠢ ᠪᠣᠬᠢᠷ ᠪᠣᠳᠠᠰ ᠦᠭᠡᠢ᠂ ᠬᠤᠷᠠᠭᠰᠠᠨ ᠤᠰᠤ ᠬᠤᠷᠠᠭᠰᠠᠨ ᠴᠠᠰᠤ ᠦᠭᠡᠢ᠂ ᠰᠢᠪᠡᠷ | ᠰᠢᠷᠣᠶ ᠬᠡᠮᠬᠡᠷᠬᠡᠶ ᠴᠢᠯᠠᠭᠤ ᠦᠭᠡᠢ᠂ ᠭᠤᠸ᠎ᠠ ᠵᠢᠮᠢᠰ ᠤᠨ ᠬᠠᠯᠢᠰᠦ ᠦᠭᠡᠢ᠂ ᠲᠠᠮᠠᠬᠢᠨ ᠶᠤᠵᠤᠭᠤᠷ ᠦᠭᠡᠢ᠂ ᠡᠷᠦᠶ | ᠬᠤᠷᠤᠶ ᠦᠭᠡᠢ ᠨᠠᠭᠠᠵᠤ ᠡᠷᠢᠶᠡᠴᠢᠭᠰᠡᠨ ᠵᠦᠢᠯ ᠦᠭᠡᠢ᠂ ᠬᠥᠮᠦᠨ ᠮᠠᠯ ᠤᠨ ᠪᠠᠭᠠᠰᠤ ᠰᠢᠭᠡᠰᠦ ᠦᠭᠡᠢ᠂ ᠡᠯᠳᠡᠪ | ᠪᠣᠳᠠᠰ ᠦᠭᠡᠢ︶᠂ ︽ᠨᠢᠭᠡ ᠴᠠᠭ ᠲᠠᠷᠤᠢ ᠳᠤᠨᠢ︾ ︵ᠬᠤᠭ ᠨᠣᠪᠰᠢ ᠶᠢ ᠴᠠᠭ ᠲᠠᠷᠤᠢ ᠳᠤ ᠨᠢ ᠴᠡᠪᠡᠷᠯᠡᠬᠦ︶ ᠶᠢ | ᠪᠡᠶᠡᠯᠡᠬᠦᠯᠵᠤ ᠳᠤᠷ᠎ᠠ ᠪᠠᠷ ᠢᠶᠠᠨ ᠪᠥᠭᠡᠯᠵᠢᠬᠦ᠂ ᠳᠤᠷ᠎ᠠ ᠪᠠᠷ ᠢᠶᠠᠨ ᠬᠠᠶᠠᠬᠤ᠂ ᠲᠤᠷ᠎ᠠ ᠪᠠᠷ ᠢᠶᠠᠨ ᠠᠰᠬᠠᠬᠤ ᠵᠡᠷᠭᠡ ᠮᠠᠭᠤ | ᠮᠠᠭᠤᠬᠠᠢ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠵᠤ ᠬᠤᠭ ᠨᠣᠪᠰᠢ᠂ ᠪᠣᠬᠢᠷ ᠤᠰᠤ | ᠴᠤᠭᠯᠠᠭᠤᠯᠬᠤ ᠱᠠᠭᠠᠷᠳᠠᠯᠭ᠎ᠠ ᠶᠢ ᠤᠬᠠᠮᠰᠠᠷ ᠠᠴᠠ ᠪᠠᠨ ᠬᠡᠷᠡᠭᠵᠢᠭᠦᠯᠬᠦ ᠬᠡᠷᠡᠭᠲᠡᠶ᠃ ︵ᠲᠦᠷᠦᠭᠦᠯᠡᠬᠦ ᠨᠢᠭᠡᠴᠢ᠄ | ᠬᠤᠰᠢᠭᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠤᠯᠠᠨ | ᠨᠡᠶᠢᠲᠡ ᠶᠢᠨ ᠬᠡᠷᠡᠭ ᠶᠠᠪᠤᠳᠠᠯ ᠤᠨ ᠬᠥᠭᠵᠢᠯᠲᠡ ᠶᠢᠨ ᠲᠥᠪ᠂ ᠣᠶᠤᠨ ᠤ ᠪᠣᠯᠪᠠᠰᠤᠨ ᠤ ᠠᠯᠪᠠᠨ ᠬᠡᠷ︶ | ︵ᠬᠤᠶᠠᠷ︶ ᠡᠮᠬᠢ ᠳᠢᠭᠯᠢᠮ ᠢ ᠲᠠᠭᠠᠭᠠᠴᠢᠯᠠᠬᠤ᠃ ᠬᠠᠷᠢᠭᠤᠴᠠᠯᠭ᠎ᠠ ᠶᠢᠨ ᠣᠷᠣᠨ ᠳᠠᠬᠢ ᠡᠷᠦᠶ ᠬᠤᠷᠤᠶ ᠥᠬᠡᠶ | ᠳᠡᠯᠭᠡᠨ ᠬᠤᠳᠠᠯᠳᠤᠬᠤ ᠭᠠᠵᠠᠷ᠂ ᠵᠠᠮ ᠡᠵᠡᠯᠡᠨ ᠡᠵᠡᠩᠨᠡᠬᠦ᠂ ᠳᠡᠯᠭᠡᠭᠦᠷ ᠤᠨ ᠭᠠᠳᠠᠨ᠎ᠠ ᠡᠳ᠋ᠰᠢᠭᠦᠯᠬᠦ᠂ ᠡᠷᠦᠶ ᠬᠤᠷᠤᠶ | ᠥᠬᠡᠶ ᠶᠠᠭᠤᠮ᠎ᠠ ᠣᠪᠣᠭᠠᠯᠠᠬᠤ᠂ ᠡᠷᠦᠶ ᠬᠤᠷᠤᠶ ᠥᠬᠡᠶ ᠡᠯᠬᠦᠬᠦ᠂ ᠨᠠᠷᠬᠢᠶᠠᠨ ᠱᠤᠤᠭᠢᠶᠠᠨ ᠭᠠᠷᠭᠠᠵᠤ ᠠᠷᠠᠳ | ᠲᠦᠮᠡᠨ ᠢ ᠦᠢᠮᠡᠬᠦᠯᠬᠦ᠂ ᠵᠠᠷ ᠲᠠᠷᠬᠠᠭᠠᠬᠤ᠂ ᠲᠡᠷᠭᠡ ᠮᠠᠰᠢᠨ ᠢᠶᠠᠨ ᠡᠷᠤᠢ ᠬᠤᠷᠤᠢ ᠦᠭᠡᠢ ᠵᠤᠭᠰᠤᠭᠠᠬᠤ ︵ | ᠬᠦᠳᠡᠯᠭᠡᠭᠦᠷᠲᠤ ᠪᠤᠰᠤ ᠲᠡᠷᠭᠡ ᠪᠠᠭᠲᠠᠨ᠎ᠠ︶᠂ ᠰᠣᠬᠤᠷ ᠬᠥᠮᠦᠨ ᠤ ᠵᠠᠮ ᠢ ᠡᠵᠡᠯᠡᠬᠦ ᠵᠡᠷᠭᠡ ᠬᠤᠲᠠ ᠶᠢᠨ | ᠦᠵᠡᠮᠵᠢ ᠶᠢ ᠨᠥᠯᠥᠭᠡᠯᠡᠬᠦ ᠦᠢᠯᠡ ᠠᠵᠢᠯᠯᠠᠭ᠎ᠠ ᠪᠠᠶᠢᠵᠤ ᠪᠤᠯᠬᠤ ᠦᠭᠡᠢ᠂ ᠠᠰᠠᠭᠤᠳᠠᠯ ᠢ ᠣᠯᠵᠤ ᠮᠡᠳᠡᠪᠡᠯ ᠴᠠᠭ | ᠲᠤᠬᠠᠶ ᠳᠤᠨᠢ ᠢᠳᠬᠠᠨ ᠬᠤᠷᠢᠭᠯᠠᠵᠤ ᠢᠯᠡᠴᠢᠯᠡᠨ ᠮᠡᠳᠡᠭᠦᠯᠬᠦ ᠬᠡᠷᠡᠭᠲᠡᠶ︔ ᠳᠡᠯᠭᠡᠭᠦᠷ ᠤᠨ ᠭᠠᠳᠠᠨ᠎ᠠ ᠳᠤᠷ᠎ᠠ ᠪᠠᠷ ᠢᠶᠠᠨ | ᠪᠠᠶᠠᠷ ᠤᠨ ᠶᠣᠰᠣᠯᠡᠯ᠂ ᠪᠣᠷᠣᠯᠠᠭᠤᠯᠭ᠎ᠠ ᠵᠡᠷᠭᠡ ᠠᠵᠢᠯᠯᠠᠭ᠎ᠠ ᠬᠢᠵᠦ ᠪᠣᠯᠬᠤ ᠦᠭᠡᠶ᠂ ᠵᠥᠪᠰᠢᠶᠡᠷᠡᠭᠦᠯᠦᠭᠡᠳ ᠬᠠᠮᠢᠶ᠎ᠠ | ᠪᠦᠬᠦᠢ ᠠᠵᠢᠯᠯᠠᠭ᠎ᠠ ᠡᠷᠬᠢᠯᠡᠬᠦ ᠳᠤ ᠬᠦᠷᠪᠡᠯ ᠲᠣᠭᠲᠠᠭᠰᠠᠨ ᠴᠠᠭ ᠪᠠ ᠱᠠᠭᠠᠷᠳᠠᠯᠭ᠎ᠠ ᠶᠣᠰᠣᠭᠠᠷ ᠬᠢᠵᠦ ᠠᠵᠢᠯᠯᠠᠭ᠎ᠠ | ᠳᠠᠭᠤᠰᠤᠭᠰᠠᠨ ᠤ ᠳᠠᠷᠠᠭ᠎ᠠ ᠴᠠᠭ ᠲᠤᠬᠠᠶ ᠳᠤᠨᠢ ᠴᠡᠪᠡᠷᠯᠡᠬᠦ ᠬᠡᠷᠡᠭᠲᠡᠶ᠃ ︵ᠲᠦᠷᠦᠭᠦᠯᠡᠬᠦ ᠨᠢᠭᠡᠴᠢ᠄ ᠬᠤᠰᠢᠭᠤ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ︔ ᠬᠠᠷᠢᠭᠤᠴᠠᠯᠭᠠᠲᠤ ᠨᠢᠭᠡᠴᠢ | ᠄ ᠬᠤᠰᠢᠭᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ︶ | ︵ᠭᠤᠷᠪᠠ︶ ᠨᠣᠭᠤᠭᠠᠷᠠᠭᠤᠯᠤᠯᠲᠠ ᠶᠢ ᠳᠠᠭᠠᠭᠠᠴᠢᠯᠠᠬᠤ᠃ ᠬᠠᠷᠢᠭᠤᠴᠠᠬᠤ ᠬᠠᠷᠢᠭᠤᠴᠠᠯᠭ᠎ᠠ ᠶᠢᠨ ᠣᠷᠣᠨ ᠤ | ᠳᠣᠲᠣᠷᠠᠬᠢ ᠮᠣᠳᠣ ᠪᠠ ᠨᠣᠭᠤᠭᠠᠷᠠᠭᠤᠯᠤᠯᠲᠠ ᠶᠢᠨ ᠪᠦᠰᠡ ᠶᠢᠨ ᠬᠠᠮᠢᠶᠠᠷᠤᠯᠲᠠ ᠬᠠᠮᠠᠭᠠᠯᠠᠯᠲᠠ ᠶᠢ ᠬᠠᠷᠢᠭᠤᠴᠠᠨ᠎ᠠ᠂ | ᠬᠤᠭ ᠨᠣᠪᠰᠢ᠂ ᠪᠤᠵᠠᠷ ᠡᠳ᠋ ᠢ ᠮᠣᠳᠣᠨ ᠨᠦᠬᠡ᠂ ᠨᠣᠭᠤᠭᠠᠷᠠᠭᠤᠯᠤᠯᠲᠠ ᠶᠢᠨ ᠪᠦᠰᠠᠨ ᠳᠤ ᠬᠢᠵᠦ ᠪᠣᠯᠬᠤ ᠦᠭᠡᠢ᠂ | ᠵᠡᠭᠡᠯᠢ ᠳᠠᠭᠠᠤ ᠶᠢᠨ ᠮᠣᠳᠣᠨ ᠳᠡᠭᠡᠷ᠎ᠡ ᠤᠲᠠᠰᠤ ᠲᠠᠲᠠᠵᠤ ᠶᠠᠭᠤᠮ᠎ᠠ ᠡᠯᠭᠦᠵᠦ ᠬᠤᠪᠴᠠᠰᠤ ᠬᠤᠨᠠᠷ ᠬᠠᠲᠠᠭᠠᠵᠤ ᠪᠣᠯᠬᠤ | ᠦᠭᠡᠢ︔ ᠡᠪᠡᠰᠦ ᠮᠣᠳᠣ ᠶᠢ ᠬᠤᠭᠤᠯᠬᠤ ᠬᠤᠸᠠᠷ ᠴᠡᠴᠡᠭ ᠢ ᠳᠠᠰᠣᠳᠠᠬᠤ᠂ ᠮᠣᠳᠣ ᠶᠢ ᠠᠰᠢᠭᠯᠠᠨ ᠫᠧᠩ ᠪᠣᠰᠬᠠᠬᠤ᠂ | ᠵᠦᠯᠭᠡ ᠶᠢ ᠲᠠᠯᠬᠢᠳᠠᠬᠤ᠂ ᠬᠤᠪᠴᠠᠰᠤ ᠬᠤᠨᠠᠷ ᠡᠯᠭᠦᠬᠦ ᠪᠠ ᠵᠦᠯᠭᠡ ᠭᠠᠵᠠᠷ ᠢ ᠡᠵᠡᠯᠡᠨ ᠬᠡᠷᠡᠭᠯᠡᠬᠦ ᠵᠡᠷᠭᠡ ᠦᠢᠯᠡ | ᠠᠵᠢᠯᠯᠠᠭ᠎ᠠ ᠶᠢ ᠢᠳᠬᠠᠨ ᠬᠤᠷᠢᠭᠯᠠᠵᠤ ᠢᠯᠡᠴᠢᠯᠡᠨ ᠮᠡᠳᠡᠭᠦᠯᠬᠦ ᠬᠡᠷᠡᠭᠲᠡᠶ᠃ ︵ᠲᠦᠷᠦᠭᠦᠯᠡᠬᠦ ᠨᠢᠭᠡᠴᠢ᠄ ᠬᠤᠰᠢᠭᠤ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠣᠪᠴᠢᠶ᠎ᠠ︔ ᠬᠠᠷᠢᠭᠤᠴᠠᠯᠭᠠᠲᠤ ᠨᠢᠭᠡᠴᠢ | ᠄ ᠬᠤᠰᠢᠭᠤ ᠴᠡᠴᠡᠷᠯᠢᠭᠵᠢᠬᠦᠯᠦᠯᠲᠡ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ᠂ ᠤᠶᠤᠨ ᠤ ᠪᠣᠯᠪᠠᠰᠤᠨ ᠤ | ᠠᠯᠪᠠᠨ ᠬᠡᠷ︶ | ︵ᠳᠥᠷᠪᠡ︶ ᠴᠡᠪᠡᠷ ᠲᠡᠭᠰᠢ ᠶᠢ ᠲᠠᠭᠠᠭᠠᠴᠢᠯᠠᠬᠤ᠃ ᠬᠠᠷᠢᠭᠤᠴᠠᠯᠭᠠᠲᠤ ᠣᠷᠣᠨ ᠳᠠᠬᠢ ᠪᠠᠷᠢᠯᠭ᠎ᠠ ᠶᠢ | ᠴᠡᠪᠡᠷᠯᠡᠵᠦ ᠬᠡᠷᠡᠮ ᠤᠨ ᠨᠢᠭᠤᠷ᠂ ᠲᠡᠯᠭᠡᠬᠦᠷᠭᠡ᠂ ᠫᠠᠶᠢᠰᠠ ᠢᠯᠡᠷᠬᠡᠶᠢᠯᠡᠯ᠂ ᠳ᠋ᠧᠩ ᠤᠨ ᠬᠠᠶᠢᠷᠴᠠᠭ᠂ ᠵᠠᠷ ᠮᠡᠳᠡᠬᠡᠨ ᠤ | ᠫᠠᠶᠢᠰᠠ ᠵᠡᠷᠭᠡ ᠶᠢ ᠵᠢᠷᠤᠮᠵᠢᠭᠤᠯᠬᠤ ᠱᠠᠭᠠᠷᠳᠠᠯᠭ᠎ᠠ ᠳᠤ ᠨᠡᠶᠢᠴᠡᠭᠦᠯᠵᠦ ᠴᠡᠪᠡᠷ ᠲᠡᠭᠰᠢ᠂ ᠭᠤᠶᠤ ᠰᠠᠶᠢᠬᠠᠨ᠂ | ᠵᠢᠷᠤᠮᠵᠢᠯ ᠲᠠᠢ ᠪᠤᠯᠭᠠᠨ᠎ᠠ︔ ᠵᠠᠷ ᠮᠡᠳᠡᠭᠡ ᠶᠢᠨ ᠵᠢᠷᠤᠭ᠂ ᠦᠰᠦᠭ ᠪᠢᠴᠢᠭ᠂ ᠳ᠋ᠧᠩ ᠵᠡᠷᠬᠡ ᠶᠢᠨ ᠣᠨᠠᠵᠣ | ᠬᠡᠬᠡᠭᠳᠡᠭᠰᠡᠨ᠂ ᠪᠤᠵᠠᠷᠳᠠᠨ ᠢᠯᠵᠢᠷᠠᠵᠤ ᠡᠪᠳᠡᠭᠳᠡᠭᠰᠡᠨ ᠢ ᠣᠯᠵᠤ ᠮᠡᠳᠡᠪᠡᠯ ᠴᠠᠭ ᠲᠤᠬᠠᠢ ᠳᠤᠨᠢ ᠰᠡᠯᠪᠢᠨ ᠵᠠᠰᠠᠬᠤ | ᠬᠡᠷᠡᠭᠲᠡᠢ᠃ ᠬᠠᠮᠢᠶ᠎ᠠ ᠨᠠᠮᠢᠶ᠎ᠠ ᠦᠭᠡᠢ ᠵᠠᠷ ᠮᠡᠳᠡᠭᠡ ᠲᠠᠯᠪᠢᠬᠤ᠂ ᠵᠠᠷ ᠮᠡᠳᠡᠭᠡ ᠶᠢᠨ ᠤᠷᠢᠶ᠎ᠠ ᠯᠣᠽᠦ᠋ᠩ ᠲᠠᠯᠪᠢᠬᠤ ᠵᠡᠷᠭᠡ | ᠦᠢᠯᠡ ᠠᠵᠢᠯᠯᠠᠭ᠎ᠠ ᠶᠢ ᠢᠳᠬᠠᠨ ᠬᠤᠷᠢᠭᠯᠠᠵᠤ ᠢᠯᠡᠴᠢᠯᠡᠨ ᠮᠡᠳᠡᠭᠦᠯᠬᠦ ᠬᠡᠷᠡᠭᠲᠡᠶ᠃ ︵ᠲᠦᠷᠦᠭᠦᠯᠡᠬᠦ ᠨᠢᠭᠡᠴᠢ᠄ | ᠬᠤᠰᠢᠭᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠬᠤᠰᠢᠭᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠬᠢᠨᠠᠨ ᠰᠢᠯᠭᠠᠬᠤ ᠲᠥᠪ᠂ | ᠤᠶᠤᠨ ᠤ ᠪᠤᠯᠪᠠᠰᠤᠨ ᠤ ᠠᠯᠪᠠᠨ ᠬᠡᠷ︶ | ︵ᠲᠠᠪᠤ︶ ᠳᠣᠨᠤᠭ ᠲᠦᠬᠦᠭᠡᠷᠦᠮᠵᠢ ᠶᠢ ᠳᠠᠭᠠᠭᠠᠴᠢᠯᠠᠬᠤ᠃ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠲᠠᠢ | ᠬᠠᠮᠵᠢᠯᠴᠠᠨ ᠡᠭᠦᠳᠡᠨ ᠡᠮᠦᠨᠡᠬᠢ ᠶᠠᠪᠠᠭᠠᠨ ᠬᠥᠮᠦᠨ ᠤ ᠵᠠᠮ᠂ ᠳᠡᠭᠲᠡᠷ᠂ ᠵᠠᠮ ᠤᠨ ᠳ᠋ᠧᠩ᠂ ᠬᠤᠳᠳᠤᠭ ᠤᠨ | ᠬᠠᠪᠬᠠᠭᠠᠰᠤ᠂ ᠬᠤᠭ ᠨᠣᠪᠰᠢ ᠶᠢᠨ ᠰᠠᠪᠠ᠂ ᠵᠠᠮ ᠤᠨ ᠫᠠᠶᠢᠰᠠ᠂ ᠵᠠᠷ ᠮᠡᠳᠡᠬᠡᠨ ᠤ ᠫᠠᠶᠢᠰᠠ᠂ ᠤᠬᠠᠭᠤᠯᠭ᠎ᠠ ᠶᠢᠨ | ᠲᠠᠪᠴᠠᠩ ᠵᠡᠷᠭᠡ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠦᠭᠦᠬᠡᠷᠦᠮᠵᠢ ᠶᠢ ᠰᠠᠶᠢᠲᠤᠷ ᠬᠠᠮᠢᠶᠠᠷᠤᠨ | ᠬᠠᠮᠠᠭᠠᠯᠠᠵᠤ ᠡᠪᠳᠡᠬᠦ ᠪᠤᠶᠤ ᠲᠤᠷ᠎ᠠ ᠪᠠᠷ ᠢᠶᠠᠨ ᠨᠤᠷᠠᠭᠠᠬᠤ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ | ᠲᠦᠬᠦᠭᠡᠷᠤᠮᠵᠢ ᠶᠢ ᠰᠢᠯᠵᠢᠬᠦᠯᠬᠦ᠂ ᠳᠤᠷ᠎ᠠ ᠪᠠᠷ ᠢᠶᠠᠨ ᠵᠠᠮ ᠮᠠᠯᠲᠠᠬᠤ ᠵᠡᠷᠭᠡ ᠦᠢᠯᠡ ᠠᠵᠢᠯᠯᠠᠭ᠎ᠠ ᠶᠢ ᠢᠳᠬᠠᠨ | ᠬᠤᠷᠢᠭᠯᠠᠵᠤ ᠢᠯᠡᠴᠢᠯᠡᠨ ᠮᠡᠳᠡᠭᠦᠯᠬᠦ ᠬᠡᠷᠡᠭᠲᠠᠢ᠃ ︵ᠲᠦᠷᠦᠭᠦᠯᠡᠬᠦ ᠨᠢᠭᠡᠴᠢ᠄ ᠬᠤᠰᠢᠭᠤ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠰᠢᠭᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠣᠯᠠᠨ | ᠨᠡᠶᠢᠲᠡ ᠶᠢᠨ ᠶᠠᠪᠤᠳᠠᠯ ᠤᠨ ᠬᠥᠭᠵᠢᠯᠲᠡ ᠶᠢᠨ ᠲᠥᠪ︶ | ᠭᠤᠷᠪᠠ᠂ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠤᠨ | ᠬᠠᠮᠢᠶᠠᠷᠤᠯᠲᠠ ᠶᠢᠨ ᠳᠣᠷᠭᠠᠭᠤᠯᠢ ᠶᠢᠨ ᠠᠷᠭ᠎ᠠ ᠬᠡᠮᠵᠢᠶ᠎ᠡ | ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠬᠦᠢᠴᠡᠳᠭᠡᠭᠰᠡᠨ | ᠦᠭᠡᠢ ᠪᠤᠶᠤ ᠰᠠᠶᠢᠳᠣᠷ ᠬᠦᠢᠴᠡᠳᠭᠡᠭᠰᠡᠨ ᠦᠭᠡᠢ ᠬᠠᠷᠢᠭᠤᠴᠠᠯᠭ᠎ᠠ ᠶᠢᠨ ᠭᠤᠤᠯ ᠴᠣᠭᠴᠠ ᠶᠢ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠳᠣᠷᠭᠠᠭᠤᠯᠢ ᠶᠢᠨ ᠬᠠᠤᠯᠢ︾ | ᠂ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠠᠵᠢᠯ ᠤᠨ ᠳᠦᠷᠢᠮ︾ ᠪᠣᠯᠤᠨ ︽ᠣᠷᠳᠣᠰ ᠬᠤᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠵᠢᠯ ᠤᠨ ᠲᠣᠭᠲᠠᠭᠠᠯ︾ ᠵᠢᠴᠢ ᠪᠤᠰᠤᠳ ᠬᠠᠮᠢᠶ᠎ᠠ ᠪᠦᠬᠦᠢ ᠬᠠᠤᠯᠢ ᠲᠦᠷᠢᠮ ᠢ ᠦᠨᠳᠦᠰᠦᠯᠡᠨ | ᠲᠤᠷᠭᠠᠨ᠎ᠠ ᠄ | ︵ᠨᠢᠭᠡ︶ ᠰᠢᠭᠦᠮᠵᠢᠯᠡᠨ ᠰᠤᠷᠭᠠᠵᠤ᠂ ᠵᠠᠷᠯᠢᠭᠳᠠᠨ ᠵᠠᠯᠠᠷᠠᠭᠤᠯᠬᠤ ᠬᠡᠷᠡᠭᠲᠡᠶ᠃ | ︵ᠬᠤᠶᠠᠷ︶ ᠦᠢᠯᠡ ᠠᠵᠢᠯᠯᠠᠭ᠎ᠠ ᠨᠢ ︽ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠳᠦᠷᠢᠮ︾᠂ ︽ᠣᠷᠳᠣᠰ ᠬᠤᠲᠠ ᠶᠢᠨ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠲᠣᠭᠲᠠᠭᠠᠯ︾ ᠵᠢᠴᠢ ᠪᠤᠰᠤᠳ | ᠬᠠᠤᠯᠢ ᠲᠦᠷᠢᠮ ᠳᠤ ᠬᠠᠯᠳᠠᠭᠰᠠᠨ ᠪᠠᠶᠢᠪᠠᠯ ᠰᠢᠭᠦᠮᠵᠢᠯᠡᠨ ᠰᠤᠷᠭᠠᠵᠤ ᠵᠠᠷᠯᠢᠭᠳᠠᠨ ᠵᠠᠯᠠᠷᠠᠭᠤᠯᠬᠤ ᠶᠢᠨ ᠬᠠᠮᠲᠤ ᠬᠠᠤᠯᠢ | ᠶᠣᠰᠣᠭᠠᠷ ᠲᠣᠷᠭᠠᠨ᠎ᠠ᠃ | ︵ᠭᠤᠷᠪᠠ︶ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠣᠯᠠᠨ | ᠤᠳᠠᠭ᠎ᠠ ᠬᠦᠢᠴᠡᠳᠬᠡᠬᠦ ᠥᠬᠡᠶ ᠪᠣᠯ ᠬᠠᠤᠯᠢ ᠶᠣᠰᠣᠭᠠᠷ ᠲᠣᠷᠭᠠᠭᠰᠠᠨ ᠰᠠᠭᠤᠷᠢᠨ ᠳᠡᠭᠡᠷ᠎ᠡ ᠳᠣᠷᠭᠠᠭᠤᠯᠢ ᠶᠢᠨ | ᠵᠠᠩᠭᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠳᠤ | ᠣᠷᠣᠭᠤᠯᠬᠤ ᠶᠢᠨ ᠬᠠᠮᠲᠤ ᠬᠤᠰᠢᠭᠤᠨ ᠤ ᠬᠠᠮᠢᠶ᠎ᠠ ᠪᠥᠬᠦᠶ ᠵᠠᠭᠤᠴᠢᠯᠠᠭᠤᠷ᠂ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠲᠠᠪᠴᠠᠩ ᠳᠤ ᠵᠠᠷᠯᠠᠨ ᠨᠡᠶᠢᠲᠡᠯᠡᠨ᠎ᠡ᠃ | ᠲᠦᠷᠪᠡ᠂ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ | ︵ᠨᠢᠭᠡ︶ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠤᠨ | ᠬᠠᠷᠢᠭᠤᠴᠠᠯᠭ᠎ᠠ ᠶᠢᠨ ᠭᠤᠤᠯ ᠴᠣᠭᠴᠠ ᠪᠣᠯ ᠰᠢᠭᠤᠳ ᠬᠡᠷᠡᠭᠵᠢᠭᠦᠯᠦᠭᠴᠢ ᠪᠠᠶᠢᠵᠤ ︽ᠡᠭᠦᠳᠡᠨ ᠡᠮᠦᠨᠡᠬᠢ ᠲᠠᠪᠤ ᠶᠢ | ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠤᠨ ᠬᠠᠮᠢᠶᠠᠷᠤᠯᠲᠠ ᠶᠢᠨ ᠰᠢᠭᠤᠳ ᠬᠠᠷᠢᠭᠤᠴᠠᠯᠭ᠎ᠠ ᠶᠢ | ᠡᠬᠦᠷᠬᠡᠯᠡᠵᠣ᠂ ᠲᠦᠷᠢᠶᠠᠰᠣᠯᠡᠵᠣ ᠪᠡᠶᠢᠬᠤ ᠭᠡᠷ ᠪᠠᠶᠢᠰᠢᠩ ᠤᠨ ᠦᠮᠴᠢᠯᠡᠭᠴᠢ ᠨᠢ ᠨᠢᠭᠡᠳᠦᠭᠡᠷ ᠬᠠᠷᠢᠭᠤᠴᠠᠯᠭᠠᠲᠠᠨ | ᠪᠠᠶᠢᠵᠣ ᠭᠡᠷ ᠪᠠᠶᠢᠰᠢᠩ ᠤᠨ ᠥᠮᠴᠢᠯᠡᠭᠴᠢ ᠨᠢ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ | ᠶᠢᠨ ᠳᠦᠷᠢᠮ ᠤᠨ ᠬᠠᠮᠢᠶᠠᠷᠤᠯᠲᠠ ᠶᠢᠨ ᠠᠭᠤᠯᠭ᠎ᠠ ᠶᠢ ᠭᠡᠷ ᠪᠠᠶᠢᠰᠢᠩ ᠤᠨ ᠲᠦᠷᠢᠶᠡᠰᠦᠯᠡᠬᠦ ᠭᠡᠷ᠎ᠡ ᠳᠤ ᠣᠷᠣᠭᠤᠯᠵᠤ | ᠲᠦᠷᠢᠶᠠᠰᠣᠯᠡᠭᠴᠢ ᠶᠢᠨ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢ ᠱᠠᠭᠠᠷᠳᠠᠨ | ᠬᠦᠢᠴᠡᠳᠬᠡᠬᠦᠯᠬᠦ ᠬᠡᠷᠡᠭᠲᠠᠢ᠂ ᠲᠦᠷᠢᠶᠠᠰᠣᠯᠡᠭᠴᠢ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠪᠣᠯ ᠭᠡᠷ ᠪᠠᠶᠢᠰᠢᠩ | ᠤᠨ ᠥᠮᠴᠢᠯᠡᠭᠴᠢ ᠪᠣᠯᠤᠨ ᠲᠦᠷᠢᠶᠠᠰᠣᠯᠡᠭᠴᠢ ᠬᠠᠮᠲᠤ ᠪᠠᠷ ᠬᠦᠢᠴᠡᠳᠬᠡᠬᠦ ᠬᠡᠷᠡᠭᠲᠡᠶ᠃ | ︵ᠬᠤᠶᠠᠷ︶ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠤᠨ | ᠬᠠᠮᠢᠶᠠᠷᠤᠯᠲᠠ ᠶᠢᠨ ᠬᠢᠨᠠᠯᠲᠠ ᠲᠠᠯᠪᠢᠬᠤ ᠭᠤᠤᠯ ᠴᠣᠭᠴᠠ ᠪᠣᠯ ᠡᠯ᠎ᠡ ᠲᠦᠷᠦᠭᠦᠯᠡᠬᠦ ᠨᠢᠭᠡᠴᠢ ᠪᠠ ᠬᠠᠷᠢᠭᠤᠴᠠᠯᠭᠠᠲᠤ | ᠨᠢᠭᠡᠴᠢ ᠪᠤᠯᠤᠨ᠎ᠠ᠂ ᠡᠯ᠎ᠡ ᠲᠦᠷᠦᠭᠦᠯᠡᠬᠦ ᠨᠢᠭᠡᠴᠢ ᠪᠠ ᠬᠠᠷᠢᠭᠤᠴᠠᠯᠭᠠᠲᠤ ᠨᠢᠭᠡᠴᠢ ᠲᠣᠭᠲᠠᠮᠠᠯ ᠪᠠ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠬᠠᠮᠲᠤᠷᠠᠨ ᠬᠠᠤᠯᠢ ᠬᠡᠷᠡᠭᠵᠢᠬᠦᠯᠥᠨ ᠪᠠᠶᠢᠴᠠᠭᠠᠯᠲᠠ ᠬᠢᠵᠦ ᠬᠠᠷᠢᠭᠤᠴᠠᠯᠭ᠎ᠠ ᠶᠢᠨ ᠭᠤᠤᠯ | ᠴᠣᠭᠴᠠ ᠳᠤ ᠬᠢᠨᠠᠯᠲᠠ ᠲᠠᠯᠪᠢᠵᠤ ᠬᠠᠷᠢᠭᠤᠴᠠᠯᠭ᠎ᠠ ᠪᠠᠨ ᠪᠡᠶᠡᠯᠡᠬᠦᠯᠬᠦ ᠬᠡᠷᠡᠭᠲᠡᠶ︔ ᠬᠤᠰᠢᠭᠤ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠦᠷᠦᠬᠦᠯᠡᠬᠦ ᠨᠢᠭᠡᠴᠢ ᠪᠣᠯᠤᠨ ᠬᠠᠷᠢᠭᠤᠴᠠᠯᠭᠠᠲᠤ ᠨᠢᠭᠡᠴᠢ ᠲᠠᠢ ᠢᠳᠡᠪᠬᠢᠲᠡᠢ | ᠬᠠᠮᠵᠢᠯᠴᠠᠨ ᠠᠵᠢᠯ ᠢᠶᠠᠨ ᠥᠷᠨᠢᠭᠦᠯᠬᠦ ᠬᠡᠷᠡᠭᠲᠡᠶ᠃ ᠪᠣᠳᠠᠲᠠᠢ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ᠄ | ⒈ᠬᠤᠰᠢᠭᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | ᠲᠦᠷᠦᠬᠦᠯᠡᠨ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠬᠤᠲᠠ ᠶᠢᠨ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠬᠥᠭᠵᠢᠯᠲᠡ ᠶᠢᠨ ᠲᠥᠪ᠂ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ᠂ ᠬᠤᠲᠠ ᠬᠥᠳᠡᠭᠡ ᠶᠢᠨ ᠲᠥᠯᠥᠪᠵᠢᠭᠦᠯᠭᠡ ᠶᠢ ᠬᠢᠨᠠᠨ | ᠰᠢᠯᠭᠠᠬᠤ ᠲᠥᠪ ᠵᠡᠷᠭᠡ ᠰᠠᠯᠠᠭ᠎ᠠ ᠮᠦᠴᠢᠷ ᠲᠠᠢ ᠬᠠᠮᠲᠤᠷᠠᠵᠤ ᠲᠣᠰ ᠲᠣᠰ ᠤᠨ ᠬᠠᠮᠢᠶᠠᠷᠴᠤ ᠪᠠᠶᠢᠭ᠎ᠠ ᠬᠤᠲᠠ | ᠪᠠᠯᠭᠠᠰᠤ ᠶᠢᠨ ᠰᠠᠭᠤᠷᠢ ᠲᠦᠬᠦᠭᠡᠷᠦᠮᠵᠢ ᠪᠠ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ︽ᠡᠭᠦᠳᠡᠨ ᠡᠮᠦᠨᠡᠬᠢ | ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠬᠦᠢᠴᠡᠳᠬᠡᠭᠰᠡᠨ ᠥᠬᠡᠶ ᠪᠤᠶᠤ ᠰᠠᠶᠢᠨ | ᠬᠦᠢᠴᠡᠳᠬᠡᠭᠰᠡᠨ ᠦᠭᠡᠢ ᠬᠠᠷᠢᠭᠤᠴᠠᠯᠭ᠎ᠠ ᠶᠢᠨ ᠭᠤᠤᠯ ᠴᠣᠭᠴᠠ ᠶᠢ ᠬᠠᠮᠢᠶ᠎ᠠ ᠪᠥᠬᠦᠶ ᠬᠠᠤᠯᠢ ᠲᠦᠷᠢᠮ ᠢ | ᠦᠨᠳᠦᠰᠦᠯᠡᠨ ᠰᠢᠳᠬᠡᠨ᠎ᠡ᠃ | ⒉ ᠬᠤᠰᠢᠭᠤ ᠤᠶᠤᠨ ᠤ ᠪᠣᠯᠪᠠᠰᠤᠨ ᠤ ᠠᠯᠪᠠᠨ ᠬᠡᠷ ᠨᠢ ᠪᠥᠬᠦ ᠤᠯᠤᠰ ᠤᠨ ᠰᠢᠶᠠᠨ ᠤ ᠳᠡᠰ ᠤᠨ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠬᠠᠷᠢᠭᠤᠴᠠᠯᠭ᠎ᠠ ᠶᠢᠨ ᠣᠷᠣᠨ ᠤ ᠬᠤᠪᠢᠶᠠᠷᠢᠯᠠᠯ ᠶᠣᠰᠣᠭᠠᠷ ᠡᠯ᠎ᠡ ᠪᠠᠶᠢᠭᠤᠯᠭ᠎ᠠ ᠶᠢᠨ | ᠳᠠᠭᠠᠭᠠᠴᠢᠯᠠᠨ ᠬᠠᠷᠢᠯᠴᠠᠬᠤ ᠲᠣᠭᠤᠷᠢᠭ ᠤᠨ ᠳᠣᠲᠣᠷᠠᠬᠢ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ | ᠬᠠᠷᠢᠭᠤᠴᠠᠯᠭ᠎ᠠ ᠶᠢᠨ ᠲᠦᠷᠢᠮ ᠤᠨ ᠭᠤᠤᠯ ᠴᠣᠭᠴᠠ ᠳᠤ ᠬᠢᠨᠠᠯᠲᠠ ᠲᠠᠯᠪᠢᠵᠤ ᠬᠠᠮᠢᠶ᠎ᠠ ᠪᠥᠬᠦᠶ ᠬᠠᠷᠢᠭᠤᠴᠠᠯᠭ᠎ᠠ ᠶᠢ | ᠬᠦᠢᠴᠡᠳᠬᠡᠨ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠬᠦᠢᠴᠡᠳᠬᠡᠭᠰᠡᠨ | ᠥᠬᠡᠶ ᠪᠤᠶᠤ ᠰᠠᠶᠢᠨ ᠬᠦᠢᠴᠡᠳᠬᠡᠭᠰᠡᠨ ᠥᠬᠡᠶ ᠬᠠᠷᠢᠭᠤᠴᠠᠯᠭ᠎ᠠ ᠶᠢᠨ ᠭᠤᠤᠯ ᠴᠣᠭᠴᠠ ᠵᠢᠴᠢ ᠬᠤᠲᠠ ᠶᠢ ᠡᠭᠦᠳᠦᠨ | ᠪᠠᠶᠢᠭᠤᠯᠬᠤ ᠳᠠᠭᠠᠭᠠᠴᠢᠯᠠᠨ ᠬᠠᠷᠢᠯᠴᠠᠬᠤ ᠨᠢᠭᠡᠴᠢ ᠶᠢ ᠬᠤᠰᠢᠭᠤᠨ ᠤ ᠬᠠᠮᠢᠶ᠎ᠠ ᠪᠥᠬᠦᠶ ᠵᠠᠭᠤᠴᠢᠯᠠᠭᠤᠷ ᠲᠤ ᠵᠠᠷᠯᠠᠨ | ᠨᠡᠶᠢᠲᠡᠯᠡᠨ᠎ᠡ᠃ | ⒊ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠵᠡᠷᠭᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠦᠷᠦᠬᠦᠯᠡᠬᠦ | ᠨᠢᠭᠡᠴᠢ ᠪᠣᠯᠤᠨ ᠬᠠᠷᠢᠭᠤᠴᠠᠯᠭᠠᠲᠤ ᠨᠢᠭᠡᠴᠢ ᠲᠠᠢ ᠢᠳᠡᠪᠬᠢᠲᠡᠢ ᠬᠠᠮᠵᠢᠯᠴᠠᠵᠤ ᠬᠠᠷᠢᠭᠤᠴᠠᠯᠭ᠎ᠠ ᠶᠢᠨ ᠭᠤᠤᠯ | ᠴᠣᠭᠴᠠ ᠳᠤ ᠠᠵᠢᠯ ᠲᠥᠷᠥᠯ ᠤᠨ ᠬᠠᠮᠢᠶᠠᠷᠤᠯᠲᠠ ᠶᠢ ᠬᠡᠷᠡᠭᠵᠢᠬᠦᠯᠦᠨ ᠲᠡᠳᠡᠨ ᠢ ᠱᠠᠭᠠᠷᠳᠠᠵᠣ ᠪᠠᠶᠢᠭᠠᠳ ︽ᠡᠭᠦᠳᠡᠨ | ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠤᠬᠠᠮᠰᠠᠷ ᠠᠴᠠ ᠪᠠᠨ ᠬᠦᠢᠴᠡᠳᠬᠡᠬᠦᠯᠵᠤ ︽ | ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠬᠦᠢᠴᠡᠳᠬᠡᠬᠦ ᠶᠢ ᠲᠡᠪᠴᠢᠭᠰᠡᠨ | ᠬᠠᠷᠢᠭᠤᠴᠠᠯᠭ᠎ᠠ ᠶᠢᠨ ᠭᠤᠤᠯ ᠴᠣᠭᠴᠠ ᠶᠢ ᠬᠠᠮᠢᠶ᠎ᠠ ᠪᠦᠬᠦᠢ ᠬᠠᠤᠯᠢ ᠲᠦᠷᠢᠮ ᠢ ᠦᠨᠳᠦᠰᠦᠯᠡᠨ ᠵᠠᠰᠠᠭ ᠵᠠᠬᠢᠷᠭᠠᠨ ᠤ | ᠳᠣᠷᠭᠠᠭᠤᠯᠢ ᠪᠠᠷ ᠳᠣᠷᠭᠠᠵᠣ ︽ᠬᠡᠨ ᠳᠣᠷᠭᠠᠭᠰᠠᠨ ᠪᠣᠯ ᠬᠡᠨ ᠨᠡᠶᠢᠲᠡᠯᠡᠬᠦ︾ ᠵᠠᠷᠴᠢᠮ ᠤᠨ ᠶᠣᠰᠣᠭᠠᠷ | ᠲᠣᠷᠭᠠᠭᠤᠯᠢ ᠶᠢᠨ ᠵᠠᠩᠭᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ | ᠨᠡᠶᠢᠲᠡᠯᠡᠬᠦ ᠰᠢᠰᠲ᠋ᠧᠮ ᠳᠤ ᠣᠷᠣᠭᠤᠯᠬᠤ ᠶᠢᠨ ᠬᠠᠮᠲᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠠᠮᠢᠶᠠᠷᠤᠯᠲᠠ ᠶᠢᠨ ᠲᠠᠪᠴᠠᠩ ᠳᠤ ᠵᠠᠷᠯᠠᠨ ᠨᠡᠶᠢᠲᠡᠯᠡᠨ᠎ᠡ᠃ | ︵ᠭᠤᠷᠪᠠ︶ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠯᠪᠠᠨ ᠶᠠᠪᠤᠳᠠᠯ ᠬᠦᠢᠴᠡᠳᠬᠡᠬᠦ ᠶᠢ | ᠬᠠᠷᠰᠢᠯᠠᠭᠰᠠᠨ ᠬᠠᠷᠢᠭᠤᠴᠠᠯᠭ᠎ᠠ ᠶᠢᠨ ᠭᠤᠤᠯ ᠴᠣᠭᠴᠠ ᠶᠢ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠳᠣᠷᠭᠠᠭᠤᠯᠢ ᠶᠢᠨ ᠬᠠᠤᠯᠢ︾ ᠶᠢ ᠦᠨᠳᠦᠰᠦᠯᠡᠨ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠳᠣᠷᠭᠠᠭᠤᠯᠢ ᠢᠶᠠᠷ ᠳᠣᠷᠭᠠᠵᠣ ᠶᠠᠯᠠᠲᠤ ᠠᠵᠢᠯᠯᠠᠭ᠎ᠠ ᠪᠤᠯᠤᠭᠰᠠᠨ ᠪᠣᠯ ᠬᠠᠤᠯᠢ ᠶᠣᠰᠣᠭᠠᠷ ᠡᠷᠡᠭᠦᠤ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ︵ᠳᠥᠷᠪᠡ︶ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠭᠠᠯᠠᠭᠤᠲᠤ ᠪᠠᠯᠭᠠᠰᠤᠨ ᠤ | ᠲᠣᠭᠤᠷᠢᠭ ᠤᠨ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠤᠨ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠷ ᠯᠠᠪᠯᠠᠯᠲᠠ ᠪᠣᠯᠭᠠᠵᠤ ᠬᠠᠷᠢᠶ᠎ᠠ ᠭᠠᠵᠠᠷ ᠤᠨ ᠶᠡᠷᠦᠩᠭᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠬᠠᠷᠢᠶ᠎ᠠ ᠭᠠᠵᠠᠷ ᠤᠨ ᠬᠡᠪᠴᠢᠶᠡᠨ ᠳᠣᠲᠣᠷᠠᠬᠢ ︽ᠡᠭᠦᠳᠡᠨ ᠡᠮᠦᠨᠡᠬᠢ ᠲᠠᠪᠤ ᠶᠢ | ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠶ᠃ | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠤᠨ ᠤ 2 ᠰᠠᠷ᠎ᠠ ᠶᠢᠨ 24 ᠤ ᠡᠳᠦᠷ |