3 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯ ᠵᠢᠴᠢ | ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠰᠤᠷᠤᠯᠴᠠᠬᠤ ᠬᠤᠷᠠᠯ | ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠡᠷᠭᠢᠯᠡᠭᠰᠡᠨ ᠪᠥᠭᠡᠳ | ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠪᠥᠬᠦ ᠬᠤᠰᠢᠭᠤᠨ ᠤ ᠬᠡᠷ ᠲᠡᠭᠡᠨ | ᠪᠠᠶᠢᠭ᠎ᠠ ᠰᠢᠶᠠᠨ ᠤ ᠲᠠᠰ ᠤᠨ ᠤᠳᠤᠷᠢᠳᠤᠯᠭ᠎ᠠ ᠬᠤᠷᠠᠯ ᠳᠤ ᠰᠠᠭᠠᠲᠠᠨ ᠡᠯ᠎ᠡ ᠠᠵᠤ ᠠᠬᠤᠶ ᠶᠢᠨ ᠨᠡᠭᠡᠭᠡᠯᠲᠡ ᠶᠢᠨ | ᠲᠤᠭᠤᠷᠢᠭ ︵ᠬᠦᠷᠢᠶᠡᠯᠡᠩ ᠲᠣᠭᠤᠷᠢᠭ︶ ᠤᠨ ᠬᠠᠷᠢᠭᠤᠴᠠᠯᠭᠠᠲᠠᠨ᠂ ᠬᠤᠰᠢᠭᠤ ᠰᠢᠭᠦᠭᠦ ᠬᠤᠷᠢᠶ᠎ᠠ ᠪᠠᠶᠢᠴᠠᠭᠠᠬᠤ | ᠬᠤᠷᠢᠶᠠᠨ ᠤ ᠳᠠᠷᠤᠭ᠎ᠠ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ | ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | | | ᠬᠤᠷᠠᠯ ᠠᠴᠠ ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ | ᠵᠣᠷᠢᠭ ᠰᠠᠨᠠᠭ᠎ᠠ᠂ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠵᠤᠭᠢᠶᠠᠨ ᠪᠠᠶᠢᠭᠤᠯᠬᠤ ᠭᠡᠯᠳᠡᠰ᠂ | ᠤᠬᠠᠭᠤᠯᠬᠤ ᠬᠡᠯᠲᠡᠰ᠂ ᠨᠢᠭᠡᠳᠤᠮᠠᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ ᠲᠥᠪ ᠬᠤᠷᠢᠶᠠᠨ ᠤ ᠠᠯᠪᠠᠨ ᠲᠢᠩᠬᠢᠮ ᠤᠨ ᠲᠠᠷᠤᠮᠠᠯᠯᠠᠨ ᠲᠠᠷᠬᠠᠭᠠᠭᠰᠠᠨ ︽ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠴᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ | ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠤᠨ ᠵᠣᠷᠢᠭ ᠰᠠᠨᠠᠭ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠨ ᠣᠷᠳᠣᠰ ᠬᠤᠲᠠ ᠳᠤ ᠪᠠᠶᠢᠴᠠᠭᠠᠨ ᠰᠤᠳᠤᠯᠤᠯᠲᠠ | ᠬᠢᠭᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ | ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠠᠴᠠ ᠵᠥᠷᠢᠴᠡᠭᠰᠡᠨ ᠬᠠᠤᠯᠢ ᠵᠦᠷᠢᠴᠡᠭᠰᠡᠨ ᠠᠰᠠᠭᠤᠳᠠᠯ ᠢ | ᠲᠤᠰᠬᠠᠢ ᠴᠡᠭᠴᠡᠯᠡᠨ ᠵᠠᠰᠠᠬᠤ ᠠᠵᠢᠯ ᠤᠨ ᠲᠤᠰᠬᠠᠶ ᠰᠡᠳᠦᠪᠲᠦ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ | ᠵᠣᠷᠢᠭ ᠰᠠᠨᠠᠭ᠎ᠠ᠂ ᠥᠪᠡᠷᠳᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤ ᠥᠪᠡᠷᠲᠡᠭᠡᠨ ᠵᠠᠰᠠᠬᠤ | ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠡᠭᠡᠷᠡᠬᠢ | ᠶᠠᠷᠢᠶᠠᠨ ᠤ ᠵᠣᠷᠢᠭ ᠰᠠᠨᠠᠭ᠎ᠠ ᠵᠡᠷᠭᠡ ᠡᠯ᠎ᠡ ᠱᠠᠲᠤᠨ ᠤ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶ᠎ᠠ᠂ ᠦᠦᠰᠢᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠶᠢᠯᠠᠯᠳᠤᠭᠠᠨ ᠤ | ᠰᠢᠢᠳᠪᠤᠷᠢᠳᠤ ᠢᠯᠠᠯᠳᠠ ᠶᠢ ᠤᠯᠬᠤ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠬᠤ ᠲᠤᠬᠠᠶ ᠮᠡᠳᠡᠭᠳᠡᠯ︾ ᠢ | ᠤᠩᠰᠢᠨ ᠨᠡᠶᠢᠲᠡᠯᠡᠪᠡ᠃ | ᠡᠷᠳᠡᠨᠢᠪᠢᠯᠢᠭ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠬᠤᠷᠠᠯ ᠤᠨ ᠵᠣᠷᠢᠭ ᠰᠠᠨᠠᠭ᠎ᠠ | ᠪᠣᠯᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠣᠨᠣᠪᠴᠢᠲᠠᠶ ᠣᠶᠢᠯᠠᠭᠠᠵᠤ | ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠰᠠᠶᠢᠲᠤᠷ ᠠᠳᠬᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ | ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠠᠵᠤ ᠦᠢᠯᠡᠰ ᠤᠨ ᠳᠠᠪᠠᠭᠤᠯᠢᠭ ᠪᠣᠯᠤᠨ ᠣᠷᠣᠨ ᠪᠦᠰᠡ ᠶᠢᠨ | ᠣᠨᠴᠠᠯᠢᠭ ᠢ ᠪᠠᠳᠠᠷᠠᠭᠤᠯᠤᠨ ᠨᠢᠭᠡ ᠬᠤᠶᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠭᠥᠭᠵᠢᠭᠦᠯᠵᠤ | ᠠᠮᠢ ᠠᠬᠤᠢ ᠶᠢᠨ ᠪᠠᠶᠢᠭᠤᠯᠤᠯᠲᠠ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠪᠠ ︽ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠢ᠃ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠢ ᠨᠠᠶᠢᠳᠠᠪᠤᠷᠢᠵᠢᠭᠤᠯᠤᠨ ᠮᠠᠯ ᠲᠠᠷᠢᠶᠠᠯᠠᠩ ᠠᠵᠤ ᠠᠬᠤᠢ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ | ᠲᠠᠷᠢᠶᠠᠴᠢᠨ ᠤ ᠬᠦᠷᠢᠶᠡᠨ ᠳᠠᠬᠢ ᠠᠰᠠᠭᠤᠳᠠᠯ ᠤᠨ ᠲᠤᠳᠠᠭᠳᠠᠯ ᠢ ᠨᠥᠬᠦᠪᠥᠷᠢᠯᠡᠵᠦ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠠᠵᠢᠯ ᠢ ᠰᠠᠶᠢᠨ ᠬᠢᠵᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠥᠢᠯ ᠢ | ᠪᠢᠯᠧᠲ ᠥᠭᠴᠦ ᠲᠣᠭᠲᠠᠭᠠᠬᠤ ᠲᠦᠷᠢᠮ ᠤᠨ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠶ᠃ ᠲᠣᠭᠤᠷᠢᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠥᠷᠪᠡᠳᠤᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ | ᠤ ᠪᠠᠶᠢᠭᠤᠯᠤᠯᠲᠠ ᠪᠠ ᠬᠠᠤᠯᠢ ᠶᠣᠰᠣᠭᠠᠷ ᠬᠤᠰᠢᠭᠤ ᠪᠠᠨ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠬᠤ ᠬᠡᠷᠡᠭᠲᠡᠢ᠃ ᠨᠠᠮ ᠢ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠦᠵᠡᠯ ᠤᠬᠠᠮᠰᠠᠷ | ᠤᠨ ᠬᠡᠯᠪᠡᠷᠢ ᠤᠨ ᠠᠵᠢᠯ ᠢ ᠴᠢᠩᠭᠠᠳᠬᠠᠨ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ | ᠶᠢᠨ ᠡᠭᠦᠳᠦᠨ ᠪᠠᠶᠢᠭᠤᠯᠤᠯᠳᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ | ᠥᠷᠭᠡᠨ ᠳᠡᠯᠭᠡᠷ ᠥᠷᠨᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ᠂ | ᠬᠠᠷᠠᠯᠲᠠ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠬᠦᠴᠢᠷ ᠢ ᠲᠤᠭᠤᠯᠤᠨ ᠪᠡᠷᠬᠡ ᠶᠢ | ᠳᠠᠪᠠᠵᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠲᠥᠷᠥᠯ ᠤᠨ ᠠᠵᠢᠯ ᠦᠶᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠭᠢᠭᠤᠯᠬᠤ ᠬᠡᠷᠡᠭᠲᠡᠶ ᠭᠡᠵᠡᠢ᠃ | ᠬᠤᠷᠠᠯ ᠳᠡᠭᠡᠷ᠎ᠡ᠂ ᠵᠣᠣ ᠹᠸᠢ ᠯᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠢᠯ ᠦᠶᠯᠡᠳᠪᠦᠷᠢᠯᠡᠯ | ᠢᠶᠠᠨ ᠰᠡᠷᠭᠦᠭᠡᠬᠦ᠂ ᠲᠥᠷᠥᠯ ᠵᠦᠶᠯ ᠢ ᠬᠢᠨᠠᠨ ᠵᠥᠪᠰᠢᠶᠡᠷᠡᠬᠦ᠂ ᠣᠶ ᠰᠢᠭᠤᠶ ᠨᠤᠲᠤᠭ ᠪᠠᠯᠴᠢᠭᠡᠷ ᠤᠨ ᠭᠠᠯ | ᠰᠡᠷᠭᠡᠶᠢᠯᠡᠬᠦ ᠵᠡᠷᠭᠡ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠵᠠᠢ᠃ | |