ᠪᠦᠬᠦ ᠬᠤᠳᠡ ᠶᠢᠨ ᠭᠤᠣᠯᠳᠡᠯᠭ᠎ᠠ ᠲᠠᠢ ᠲᠦᠷᠣᠯ ᠵᠦᠢᠯ ᠢ ᠬᠢᠨᠠᠨ ᠵᠦᠪᠰᠢᠶᠠᠷᠡᠬᠦ ᠭᠠᠷᠳᠡᠮ ᠬᠦᠢᠴᠠᠳᠬᠡᠯ ᠢ ᠲᠦᠪᠯᠡᠷᠡᠬᠦᠯᠦᠨ ᠬᠦᠢᠴᠠᠳᠬᠡᠬᠦ ᠬᠤᠯᠪᠣᠭᠠᠯᠠᠬᠰᠠᠨ ᠪᠠᠶᠢᠭᠤᠯᠣᠮᠵᠢ ᠶᠢᠨ ᠭᠤᠷᠪᠠᠳᠣᠭᠠᠷ ᠣᠳᠠᠭᠠᠨ ᠤ ᠠᠯᠪᠠᠯᠠᠬᠤ ᠬᠤᠷᠡᠯ ᠬᠤᠷᠠᠯᠳᠤᠵᠤ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2020-03-20
     3 ᠰᠠᠷ᠎ᠠ ᠶᠢᠨ 18 ᠤ ᠡᠳᠣᠷ᠂ ᠬᠤᠳᠡ ᠶᠢᠨ ᠨᠠᠮ ᠤᠨ ᠬᠤᠷᠢᠶᠡᠨ ᠤ ᠳᠡᠳ᠋ ᠱᠦᠵᠢ ᠬᠤᠳᠡ ᠶᠢᠨ ᠳᠠᠷᠤᠭ᠎ᠠ ᠰᠡᠴᠡᠨᠪᠢᠯᠢᠭ ᠪᠦᠬᠦ ᠬᠤᠳᠡ ᠶᠢᠨ ᠭᠤᠣᠯᠳᠡᠯᠭ᠎ᠠ ᠲᠠᠢ ᠲᠦᠷᠣᠯ ᠵᠦᠢᠯ ᠢ ᠬᠢᠨᠠᠨ ᠵᠦᠪᠰᠢᠶᠠᠷᠡᠬᠦ ᠭᠠᠷᠳᠡᠮ ᠬᠦᠢᠴᠠᠳᠬᠡᠯ ᠢ ᠲᠦᠪᠯᠡᠷᠡᠬᠦᠯᠦᠨ ᠬᠦᠢᠴᠠᠳᠬᠡᠬᠦ ᠬᠤᠯᠪᠣᠭᠠᠯᠠᠬᠰᠠᠨ ᠪᠠᠶᠢᠭᠤᠯᠣᠮᠵᠢ ᠶᠢᠨ ᠭᠤᠷᠪᠠᠳᠣᠭᠠᠷ ᠣᠳᠠᠭᠠᠨ ᠤ ᠠᠯᠪᠠᠯᠠᠬᠤ ᠬᠤᠷᠡᠯ ᠢ ᠡᠷᠬᠢᠯᠡᠨ ᠬᠤᠷᠠᠯᠳᠣᠭᠤᠯᠵᠠᠢ᠃ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ  ᠳᠤ ᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ ᠪᠤᠯᠤᠨ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠤᠷᠤᠨ᠂ ᠨᠠᠷᠢᠠᠭᠤᠤᠯ ᠠᠵᠤ ᠦᠶᠯᠡᠳᠪᠦᠷᠢ ᠶᠢᠨ ᠭᠥᠷᠢᠶᠠᠯᠠᠩ ᠲᠣᠭᠤᠷᠢᠭ ᠤᠨ ᠬᠠᠷᠢᠭᠤᠴᠠᠯᠭᠠᠲᠠᠨ ᠵᠢᠴᠢ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠢ ᠭᠥᠯᠢᠶᠡᠨ ᠠᠪᠴᠤ ᠥᠵᠠᠪᠠ᠃      ᠰᠡᠴᠡᠨᠪᠢᠯᠢᠭ ᠵᠢᠭᠠᠬᠤ ᠳᠤ ᠪᠠᠨ᠂ ᠬᠢᠨᠡᠨ ᠵᠦᠪᠰᠢᠶᠠᠷᠡᠬᠦ ᠭᠠᠷᠳᠡᠮ ᠬᠦᠢᠴᠠᠳᠬᠡᠯ ᠢ ᠲᠦᠪᠯᠡᠷᠡᠬᠦᠯᠦᠨ ᠬᠦᠢᠴᠠᠳᠬᠡᠬᠦ ᠬᠤᠯᠪᠣᠭᠠᠯᠠᠬᠰᠠᠨ ᠪᠠᠶᠢᠭᠤᠯᠣᠮᠵᠢ ᠶᠢ ᠬᠡᠷᠡᠭᠵᠢᠬᠦᠯᠦᠭᠰᠡᠨ ᠠᠴᠠ ᠨᠠᠰᠢ ᠡᠯ᠎ᠠ ᠬᠤᠰᠢᠭᠤ ᠲᠣᠭᠤᠷᠢᠭ ᠪᠣᠯᠣᠨ ᠬᠤᠳᠡ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠪᠦᠳᠣᠮᠵᠢᠳᠡᠢ ᠠᠷᠭ᠎ᠠ ᠠᠪᠴᠠᠯ ᠢ ᠬᠡᠷᠡᠭᠯᠡᠨ ᠬᠢᠨᠡᠨ ᠵᠦᠪᠰᠢᠶᠠᠷᠠᠬᠦ ᠭᠠᠷᠳᠡᠮ ᠬᠦᠢᠴᠠᠳᠬᠡᠯ ᠬᠢᠬᠦ ᠠᠰᠢᠭᠯᠠᠮᠵᠢ ᠶᠢ ᠪᠦᠬᠦ ᠲᠠᠯ᠎ᠠ ᠪᠠᠷ ᠳᠡᠭᠡᠭᠰᠢᠯᠡᠬᠦᠯᠵᠤ ᠭᠤᠣᠯᠳᠡᠯᠭ᠎ᠠ ᠲᠠᠢ ᠲᠦᠷᠣᠯ ᠵᠦᠢᠯ ᠤᠨ ᠪᠦᠳᠣᠭᠡᠨ ᠪᠠᠶᠢᠭᠤᠯᠣᠯᠳᠡ ᠶᠢᠨ ᠬᠢᠨᠡᠨ ᠵᠦᠪᠰᠢᠶᠠᠷᠡᠬᠦ ᠭᠠᠷᠳᠡᠮ ᠬᠦᠢᠴᠠᠳᠬᠡᠯ ᠢ ᠬᠦᠢᠴᠠᠳᠬᠡᠬᠦ ᠠᠵᠢᠯ ᠰᠠᠶᠢᠨ ᠠᠬᠢᠴᠠ ᠲᠠᠢ ᠪᠣᠯᠣᠬᠰᠠᠨ ᠪᠠᠶᠢᠨ᠎ᠠ᠃ ᠣᠳᠣᠬᠠᠨ ᠳᠤ ᠬᠢᠵᠢᠭ ᠤᠨ ᠪᠠᠶᠢᠳᠡᠯ ᠵᠡᠷᠬᠡ ᠠᠴᠠ ᠨᠦᠯᠣᠭᠡᠯᠡᠭᠳᠡᠨ ᠪᠦᠬᠦ ᠬᠤᠳᠡ ᠶᠢᠨ ᠠᠵᠣ ᠠᠬᠤᠢ ᠶᠢᠨ ᠬᠦᠭᠵᠢᠯᠳᠡ ᠶᠢᠨ ᠪᠠᠶᠢᠳᠡᠯ ᠬᠦᠴᠢᠷ ᠪᠣᠳᠣᠯᠢᠶᠠᠨᠳᠡᠢ ᠪᠠᠶᠢᠬᠤ ᠣᠴᠢᠷ ᠠᠴᠠ ᠲᠦᠷᠣᠯ ᠵᠦᠢᠯ ᠢ ᠠᠳᠬᠤᠬᠤ ᠪᠠ ᠪᠡᠯᠡ ᠣᠷᠣᠭᠤᠯᠣᠯᠳᠡ ᠪᠠᠨ ᠨᠡᠮᠡᠭᠳᠡᠬᠦᠯᠬᠦ ᠶᠢ ᠴᠢᠩᠭ᠎ᠠ ᠪᠠᠷᠢᠮᠳᠡᠯᠠᠨ ᠲᠣᠭᠲᠠᠭᠤᠨ ᠨᠡᠮᠡᠭᠳᠡᠯ ᠢ ᠪᠠᠳᠣᠯᠠᠬᠤ ᠪᠠ ᠬᠦᠭᠵᠢᠯᠳᠡ ᠶᠢ ᠠᠬᠢᠭᠤᠯᠬᠤ ᠪᠠᠷ ᠭᠤᠣᠯ ᠭᠠᠷᠳᠡᠴᠠ ᠪᠣᠯᠭᠠᠵᠦ ᠪᠦᠬᠦ ᠬᠤᠳᠡ ᠶᠢᠨ ᠭᠤᠣᠯᠳᠡᠯᠭ᠎ᠠ ᠲᠠᠢ ᠲᠦᠷᠣᠯ ᠵᠦᠢᠯ ᠤᠨ ᠪᠦᠳᠣᠭᠡᠨ ᠪᠠᠶᠢᠭᠤᠯᠣᠯᠳᠡ ᠶᠢ ᠯᠠᠪᠳᠠᠭᠤᠨ ᠪᠠᠳᠣᠳᠡᠢ ᠠᠬᠢᠭᠤᠯᠬᠤ ᠬᠡᠷᠡᠭᠳᠡᠢ ᠭᠡᠵᠡᠢ᠃      ᠰᠡᠴᠡᠨᠪᠢᠯᠢᠭ ᠴᠢᠬᠤᠯᠠᠴᠢᠯᠠᠬᠤ ᠳᠤ ᠪᠠᠨ᠂ ᠲᠦᠷᠣᠯ ᠵᠦᠢᠯ ᠢ ᠲᠦᠰᠣᠪᠯᠠᠨ ᠲᠦᠯᠣᠪᠵᠢᠬᠦᠯᠬᠦ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠬᠦᠯᠵᠦ ᠨᠢᠭᠡ ᠪᠦᠯᠦᠭ ᠴᠢᠨᠠᠷᠵᠢᠭᠤᠨ ᠲᠦᠷᠣᠯ ᠵᠦᠢᠯ᠂ ᠰᠠᠶᠢᠨ ᠲᠦᠷᠣᠯ ᠵᠦᠢᠯ ᠢ ᠲᠠᠳᠡᠨ ᠣᠷᠣᠭᠤᠯᠬᠤ ᠬᠡᠷᠡᠭᠲᠡᠢ᠃ ᠳ᠋ᠦᠩᠰᠢᠭᠤᠷ ᠲᠦᠬᠦᠷᠢᠭ ᠠᠴᠠ ᠳᠡᠭᠡᠭᠰᠢᠬᠢ ᠭᠤᠣᠯᠳᠡᠯᠭᠠᠳᠣ ᠲᠦᠷᠣᠯ ᠵᠦᠢᠯ ᠤᠨ ᠪᠦᠳᠣᠭᠡᠨ ᠪᠠᠶᠢᠭᠤᠯᠣᠯᠳᠡ ᠶᠢ ᠪᠦᠬᠦ ᠬᠦᠴᠣᠨ ᠢᠶᠠᠷ ᠢᠶᠠᠨ ᠰᠠᠶᠢᠳᠣᠷ ᠠᠳᠬᠤᠵᠣ ᠡᠮᠣᠨᠠᠬᠢ ᠬᠤᠭᠤᠴᠠᠭᠠᠨ ᠤ ᠡᠯ᠎ᠠ ᠲᠦᠷᠣᠯ ᠤᠨ ᠠᠵᠢᠯ ᠢᠶᠠᠨ ᠳᠦᠷᠭᠡᠳᠬᠡᠨ ᠠᠬᠢᠭᠤᠯᠵᠤ ᠭᠠᠷᠳᠡᠮ ᠬᠦᠢᠴᠠᠳᠬᠡᠯ ᠢᠶᠠᠨ ᠳᠠᠭᠤᠰᠬᠠᠬᠰᠠᠨ ᠲᠦᠷᠣᠯ ᠵᠦᠢᠯ ᠤᠨ ᠪᠠᠷᠢᠯᠭ᠎ᠠ ᠪᠠᠨ ᠡᠷᠲᠡ ᠨᠢᠭᠡ ᠡᠳᠣᠷ ᠡᠬᠢᠯᠡᠬᠦᠯᠵᠦ ᠡᠷᠳᠡᠭᠡᠨ ᠪᠦᠳᠣᠭᠡᠨ ᠪᠠᠶᠢᠭᠤᠯᠬᠤ ᠶᠢ ᠪᠠᠳᠣᠯᠠᠬᠤ ᠬᠡᠷᠡᠭᠳᠡᠢ᠃ ᠵᠠᠰᠠᠭ ᠵᠠᠬᠢᠷᠭᠠᠨ ᠤ ᠬᠢᠨᠠᠨ ᠵᠦᠪᠰᠢᠶᠠᠷᠠᠯᠳᠡ ᠬᠢᠬᠦ ᠬᠦᠷᠢᠶ᠎ᠡ ᠴᠡᠷᠠᠭᠠᠨ ᠳᠤ ᠬᠠᠮᠤᠭ ᠲᠦᠷᠣᠭᠦᠤ 5G ᠰᠦᠯᠵᠢᠶ᠎ᠡ ᠶᠢ ᠠᠰᠢᠭᠯᠠᠬᠤ ᠵᠡᠷᠬᠡ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠢ ᠳᠡᠯᠭᠡᠷᠡᠬᠦᠯᠵᠦ ᠲᠦᠷᠣᠯ ᠵᠦᠢᠯ ᠤᠨ ᠲᠣᠮᠣ ᠳ᠋ᠠᠶᠢᠲᠨ ᠬᠦᠮᠣᠷᠭᠡ ᠶᠢᠨ ᠬᠠᠮᠢᠶᠠᠷᠣᠯᠳᠡ ᠶᠢᠨ ᠦᠢᠯᠡᠴᠢᠯᠡᠭᠡᠨ ᠤ ᠲᠡᠪᠴᠠᠩ ᠢ ᠪᠡᠯᠡ ᠣᠷᠣᠭᠤᠯᠣᠨ ᠪᠦᠳᠣᠭᠡᠨ ᠪᠠᠶᠢᠭᠤᠯᠵᠣ ᠵᠠᠰᠠᠭ ᠤᠨ ᠶᠠᠪᠣᠳᠡᠯ ᠤᠨ ᠦᠢᠯᠠᠴᠢᠯᠠᠭᠡᠨ ᠤ ᠠᠰᠢᠭᠯᠠᠮᠵᠢ ᠶᠢ ᠳᠡᠭᠡᠭᠰᠢᠯᠡᠬᠦᠯᠬᠦ ᠬᠡᠷᠡᠭᠳᠡᠢ ᠭᠡᠵᠡᠢ᠃      ᠰᠡᠴᠡᠨᠪᠢᠯᠢᠭ ᠴᠢᠬᠤᠯᠠᠴᠢᠯᠠᠬᠤ ᠳᠤ ᠪᠠᠨ᠂ ᠡᠯ᠎ᠠ ᠱᠠᠲᠤ ᠡᠯ᠎ᠠ ᠰᠠᠯᠠᠭ᠎ᠠ ᠮᠦᠴᠢᠷ ᠨᠢ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠬᠢᠭᠰᠡᠨ ᠣᠷᠢᠳᠡᠯ ᠳᠤᠤᠷ᠎ᠠ ᠠᠵᠢᠯ ᠢᠶᠠᠨ ᠰᠡᠷᠭᠦᠭᠡᠨ ᠦᠢᠯᠠᠳᠪᠣᠷᠢᠯᠡᠯ ᠢᠶᠠᠨ ᠡᠬᠢᠯᠡᠬᠦᠯᠬᠦ ᠶᠢ ᠪᠦᠬᠦ ᠲᠠᠯ᠎ᠠ ᠪᠠᠷ ᠠᠬᠢᠭᠤᠯᠵᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠲᠠᠢ ᠵᠣᠬᠢᠴᠠᠬᠰᠠᠨ ᠠᠵᠣ ᠠᠬᠤᠢ ᠨᠡᠶᠢᠬᠡᠮ ᠤᠨ ᠡᠷᠬᠢᠯᠲᠡ ᠶᠢᠨ ᠡᠮᠬᠢ ᠲᠢᠭᠯᠢᠮ ᠢ ᠪᠣᠢ ᠪᠣᠯᠭᠠᠬᠤ ᠬᠡᠷᠡᠭᠳᠡᠢ᠃ ᠤᠯᠤᠰ ᠪᠣᠯᠣᠨ ᠦᠪᠡᠷᠳᠡᠭᠡᠨ ᠵᠠᠰᠠᠬᠤ ᠣᠷᠣᠨ ᠤ ᠡᠯ᠎ᠠ ᠲᠦᠷᠣᠯ ᠤᠨ ᠮᠦᠩᠬᠦᠨ ᠬᠦᠢᠯᠭᠡᠭᠡ ᠪᠠᠷ ᠳᠡᠳᠬᠦᠨ ᠲᠠᠮᠵᠢᠬᠦ ᠲᠦᠷᠤ ᠶᠢᠨ ᠪᠣᠳᠣᠯᠭ᠎ᠠ ᠶᠢ ᠰᠠᠶᠢᠳᠣᠷ ᠬᠡᠷᠡᠭᠯᠡᠨ ᠬᠦᠢᠴᠠᠳ ᠠᠰᠢᠭᠯᠠᠵᠣ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢᠨ ᠬᠢᠨ ᠤ ᠢᠳᠡᠭᠡᠮᠵᠢᠳᠣ ᠵᠢᠭᠡᠯᠡᠯᠭᠡ ᠶᠢᠨ ᠬᠠᠩᠭᠠᠯᠭ᠎ᠠ ᠪᠠᠨ ᠲᠣᠭᠲᠠᠪᠣᠷᠢᠵᠢᠭᠤᠯᠣᠨ ᠪᠡᠯᠡ ᠮᠦᠩᠬᠦ ᠴᠣᠭᠯᠠᠭᠤᠯᠬᠤ ᠦᠪᠡᠷ ᠤᠨ ᠦᠷᠲᠡᠭ ᠢ ᠪᠠᠭᠤᠷᠡᠭᠤᠯᠬᠤ ᠬᠡᠷᠡᠭᠳᠡᠢ᠃ ᠠᠵᠣ ᠠᠬᠤᠶᠢᠯᠠᠯ ᠢ ᠬᠠᠪᠰᠣᠷᠴᠦ ᠲᠠᠳᠡᠨ ᠤ ᠦᠢᠯᠠᠳᠪᠣᠷᠢᠯᠡᠯ ᠡᠵᠡᠩᠨᠡᠯᠲᠡ ᠲᠣᠮᠳᠡ ᠲᠣᠯᠭᠠᠷᠠᠵᠣ ᠪᠠᠶᠢᠭ᠎ᠠ ᠪᠣᠳᠡᠳᠣ ᠬᠦᠴᠢᠷᠳᠡᠯ ᠢ ᠨᠢ ᠰᠢᠢᠳᠪᠣᠷᠢᠯᠡᠨ ᠦᠭᠴᠦ ᠠᠵᠣ ᠠᠬᠤᠢ ᠶᠢᠨ ᠡᠷᠬᠢᠯᠲᠡ ᠳᠤ ᠦᠵᠡᠬᠦᠯᠬᠦ ᠬᠢᠵᠢᠭ ᠤᠨ ᠨᠦᠯᠣᠭᠡᠯᠡᠯ ᠢ ᠬᠠᠮᠤᠭ ᠤᠨ ᠳᠣᠣᠷ᠎ᠠ ᠲᠦᠪᠰᠢᠨ ᠳᠤ ᠪᠠᠶᠢᠯᠭᠠᠬᠤ ᠶᠢ ᠪᠠᠳᠣᠯᠠᠨ ᠲᠦᠷᠣᠯ ᠵᠦᠢᠯ ᠤᠨ ᠪᠦᠳᠣᠭᠡᠨ ᠪᠠᠶᠢᠭᠤᠯᠣᠯᠳᠡ ᠶᠢᠨ ᠪᠦᠬᠦ ᠵᠢᠯ ᠤᠨ ᠡᠭᠦᠷᠭᠡ ᠬᠠᠷᠠᠯᠲᠠ ᠪᠠᠨ ᠴᠢᠷᠮᠠᠶᠢᠨ ᠪᠠᠶᠠᠯᠠᠬᠦᠯᠬᠦ ᠬᠡᠷᠡᠭᠳᠡᠢ ᠭᠡᠰᠡᠨ ᠪᠠᠶᠢᠨ᠎ᠠ᠃      ᠬᠤᠷᠠᠯ ᠲᠡᠭᠡᠷ᠎ᠠ ᠡᠯ᠎ᠠ ᠬᠤᠰᠢᠭᠤ ᠲᠤᠭᠤᠷᠢᠭ ᠤᠨ ᠬᠢᠨ ᠭᠤᠤᠯᠳᠠᠯᠭ᠎ᠠ ᠲᠠᠢ ᠲᠥᠷᠤᠯ ᠵᠥᠢᠯ ᠤᠨ ᠭᠠᠷᠳᠠᠮ ᠭᠥᠢᠴᠡᠳᠭᠡᠭᠦ ᠪᠠᠶᠢᠳᠠᠯ ᠳᠤ ᠬᠠᠷᠢᠭᠤ ᠮᠡᠳᠡᠭᠦᠯᠥᠯᠳᠠ ᠭᠢᠵᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠮᠠᠨ ᠤ ᠬᠤᠰᠢᠭᠤᠨ ᠤ ᠬᠤᠯᠪᠤᠭᠳᠠᠯ ᠪᠥᠭᠦᠢ ᠪᠠᠶᠢᠳᠠᠯ ᠢ ᠬᠠᠷᠢᠭᠤ ᠮᠡᠳᠡᠭᠦᠯᠪᠡ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号