ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠡ᠄ | ᠬᠠᠩᠰᠢ ᠶᠢᠨ ᠡᠳᠦᠷ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠳᠤᠷᠠᠰᠬᠠᠯ ᠤᠨ ᠡᠳᠦᠷ ᠪᠣᠯᠬᠤ | ᠪᠥᠭᠡᠳ ᠪᠠᠰᠠ ᠴᠤ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠳᠠᠶᠢᠯᠭ᠎ᠠ ᠬᠢᠬᠦ᠂ | ᠬᠤᠪᠢᠰᠬᠠᠯ ᠤᠨ ᠤᠳᠤᠮᠰᠢᠯ ᠢᠶᠠᠨ ᠤᠯᠠᠮᠵᠢᠯᠠᠨ ᠵᠠᠯᠭᠠᠮᠵᠢᠯᠠᠬᠤ ᠴᠢᠬᠤᠯᠠ ᠴᠠᠭ ᠦᠶ᠎ᠡ ᠪᠣᠯᠤᠨ᠎ᠠ᠂ ᠡᠨᠡ ᠵᠢᠯ ᠤᠨ | ᠬᠠᠩᠰᠢ ᠶᠢᠨ ᠡᠳᠦᠷ ᠨᠢ ᠨᠠᠩ ᠴᠤ ᠰᠢᠨ᠎ᠡ ᠬᠡᠯᠪᠡᠷᠢ ᠶᠢᠨ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠬᠠᠮᠲᠤ ᠪᠠᠷ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂ ᠬᠤᠰᠢᠭᠤᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠲᠤᠯᠠᠵᠤ ᠬᠤᠷᠠᠨ ᠴᠤᠭᠯᠠᠷᠠᠵᠤ ᠬᠠᠷᠢᠯᠴᠠᠨ ᠬᠠᠯᠳᠠᠪᠤᠷᠢᠯᠠᠬᠤ ᠠᠴᠠ | ᠵᠶᠢᠯᠠᠰᠬᠢᠬᠤ ᠶᠢᠨ ᠳᠣᠰᠠᠳᠠ ᠪᠣᠯᠪᠠᠰᠤᠨ᠂ ᠪᠣᠬᠢᠷᠲᠤᠯ ᠦᠭᠡᠢ᠂ ᠠᠷᠪᠢᠴᠢ ᠭᠠᠮᠲᠠᠶ᠂ ᠠᠮᠤᠷ ᠲᠦᠪᠰᠢᠨ ᠣᠳᠣ | ᠦᠶ᠎ᠡ ᠶᠢᠨ ᠰᠢᠨ᠎ᠡ ᠬᠡᠪ ᠰᠤᠷᠲᠠᠯ ᠢ ᠰᠠᠨᠠᠭᠠᠴᠢᠯᠠᠵᠤ᠂ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠲᠤ ᠳᠣᠤᠷᠠᠬᠢ ᠮᠡᠲᠦ ᠤᠷᠢᠶᠠᠯᠠᠭ᠎ᠠ ᠭᠠᠷᠭᠠᠵᠤ ᠪᠠᠶᠢᠨ᠎ᠠ᠄ | ᠨᠢᠭᠡ᠂ ᠪᠣᠯᠪᠠᠰᠤᠨ ᠢᠶᠠᠷ ᠳᠠᠶᠢᠯᠭ᠎ᠠ ᠬᠢᠬᠦ ᠶᠢ ᠰᠤᠷᠲᠠᠯᠴᠢᠯᠠᠶ᠎ᠠ᠃ ᠰᠦᠯᠵᠢᠶᠡᠨ ᠳᠡᠭᠡᠷᠡᠬᠢ ᠳᠠᠶᠢᠯᠭ᠎ᠠ᠂ ᠴᠡᠴᠡᠭ | ᠬᠥᠷᠭᠡᠬᠦ ᠳᠠᠶᠢᠯᠭ᠎ᠠ᠂ ᠡᠨᠡᠷᠢᠯ ᠬᠠᠶᠢᠷ᠎ᠠ ᠶᠢ ᠳᠤᠷᠠᠰᠤᠨ ᠰᠠᠨᠠᠭᠠᠯᠵᠠᠬᠤ᠂ ᠭᠡᠷ ᠪᠦᠯᠢ ᠶᠢᠨ ᠬᠡᠰᠢᠭᠦᠳ ᠲᠤᠰ | ᠲᠤᠰ ᠲᠠᠭᠠᠨ ᠮᠦᠷᠦᠭᠡᠳᠬᠦ ᠵᠡᠷᠭᠡ ᠠᠷᠭ᠎ᠠ ᠬᠡᠯᠪᠡᠷᠢ ᠪᠠᠷ ᠮᠥᠷᠥᠭᠡᠳᠥᠯ ᠤᠨ ᠰᠡᠳᠭᠢᠯᠭᠡ ᠪᠠᠨ ᠢᠯᠡᠳᠬᠡᠵᠦ᠂ | ᠲᠤᠬᠠᠶ ᠶᠢᠨ ᠲᠠᠯᠠᠪᠤᠷ ᠤᠨ ᠳᠠᠶᠢᠯᠭ᠎ᠠ ᠶᠢᠨ ᠠᠵᠢᠯᠯᠠᠭ᠎ᠠ ᠶᠢ ᠪᠠᠭᠠᠰᠬᠠᠨ᠎ᠠ᠃ ᠵᠠᠮ᠂ ᠠᠭᠤᠳᠠᠮ ᠲᠠᠯᠠᠪᠠᠶ᠂ ᠴᠡᠴᠡᠷᠯᠢᠭ᠂ | ᠵᠥᠯᠭᠡᠲᠤ ᠭᠠᠵᠠᠷ᠂ ᠰᠠᠭᠤᠭᠠᠯᠢ ᠠᠷᠠᠳ ᠤᠨ ᠲᠣᠭᠤᠷᠢᠭ ᠵᠡᠷᠭᠡ ᠣᠯᠠᠨ ᠨᠡᠶᠢᠲᠡ ᠶᠢᠨ ᠲᠠᠯᠠᠪᠤᠷ ᠪᠠ ᠣᠩᠭᠤᠨ ᠤ | ᠬᠦᠷᠢᠶᠡᠯᠡᠩ ᠳᠤ ᠴᠠᠭᠠᠰᠤᠨ ᠵᠣᠭᠤᠰ ᠰᠢᠲᠠᠭᠠᠵᠤ ᠣᠷᠴᠢᠨ ᠲᠣᠭᠤᠷᠢᠨ ᠢ ᠪᠣᠬᠢᠷᠲᠤᠭᠤᠯᠬᠤ ᠶᠢ ᠲᠡᠪᠴᠢᠶ᠎ᠡ᠃ | ᠣᠷᠣᠰᠢᠭᠤᠯᠭ᠎ᠠ ᠶᠢᠨ ᠣᠶᠢᠯᠡᠴᠢᠯᠡᠬᠡᠨ ᠤ ᠪᠠᠶᠢᠭᠤᠯᠤᠮᠵᠢ ᠤᠳ ᠤᠩᠭᠤᠨ ᠴᠡᠪᠡᠷᠯᠡᠬᠦ ᠳᠤ ᠣᠷᠣᠵᠤ ᠭᠠᠷᠬᠤ ᠬᠦᠮᠦᠨ ᠤ | ᠲᠤᠭ᠎ᠠ ᠶᠢ ᠴᠢᠩᠭ᠎ᠠ ᠬᠢᠵᠠᠭᠠᠷᠯᠠᠵᠤ᠂ ᠤᠷᠢᠳᠴᠢᠯᠠᠨ ᠪᠣᠯᠵᠣᠬᠤ ᠤᠲᠠᠰᠤ ᠶᠢ ᠨᠡᠶᠢᠲᠡᠯᠡᠬᠦ᠂ ᠤᠷᠢᠳᠴᠢᠯᠠᠨ ᠪᠣᠯᠵᠣᠬᠤ | ᠣᠶᠢᠯᠴᠢᠯᠡᠭᠡ ᠶᠢ ᠭᠠᠷᠭᠠᠬᠤ᠂ ᠬᠤᠭᠤᠴᠠᠭ᠎ᠠ ᠪᠦᠯᠦᠭ ᠬᠤᠪᠢᠶᠠᠨ ᠤᠯᠠᠨ ᠬᠥᠮᠥᠨ ᠴᠤᠭᠯᠠᠷᠠᠬᠤ ᠠᠴᠠ ᠵᠶᠢᠯᠠᠰᠬᠢᠬᠤ | ᠵᠡᠷᠭᠡ ᠣᠯᠠᠨ ᠵᠣᠶᠢᠯ ᠤᠨ ᠠᠷᠭ᠎ᠠ ᠠᠪᠴᠢᠯ ᠢᠶᠠᠷ ᠬᠤᠷᠠᠨ ᠴᠣᠭᠯᠠᠬᠤ ᠶᠢ ᠰᠠᠶᠢᠲᠤᠷ ᠬᠠᠮᠢᠶᠠᠷᠣᠨ ᠡᠵᠡᠮᠳᠡᠶ᠎ᠡ᠃ | ᠬᠤᠶᠠᠷ᠂ ᠪᠣᠬᠢᠷᠲᠤᠯ ᠦᠭᠡᠢ ᠳᠠᠶᠢᠯᠭ᠎ᠠ ᠶᠢ ᠰᠤᠷᠲᠠᠯᠴᠢᠯᠠᠶ᠎ᠠ᠃ ᠦᠤᠰᠢᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠰᠦᠯᠵᠢᠶ᠎ᠡ ︽2020 ᠣᠨ ᠤ ᠬᠠᠩᠰᠢ ᠶᠢᠨ ᠡᠳᠦᠷ ᠦᠷᠡᠭᠳᠡᠭᠰᠡᠨ | ᠪᠠᠭᠠᠲᠤᠷᠴᠤᠳ ᠢᠶᠠᠨ ᠳᠠᠶᠢᠬᠤ︾ ᠲᠤᠰᠬᠠᠶ ᠪᠤᠯᠤᠩ ︵http://www.wsq. gov. cn︶ ᠪᠠ | ᠳᠤᠮᠳᠠᠳᠤ ᠶᠢᠨ ᠦᠷᠡᠭᠳᠡᠭᠰᠡᠨ ᠪᠠᠭᠠᠲᠤᠷᠴᠤᠳ ᠤᠨ ᠰᠦᠯᠵᠢᠶᠡᠨ ︵http://chinamartyrs.gov.cn︶ | ᠳᠡᠭᠡᠷ᠎ᠡ ᠦᠷᠡᠭᠳᠡᠭᠰᠡᠨ ᠪᠠᠭᠠᠲᠤᠷᠴᠤᠳ ᠲᠤ ᠴᠡᠴᠡᠭ ᠬᠦᠷᠭᠡᠬᠦ᠂ ᠵᠤᠯᠠ ᠠᠰᠠᠭᠠᠬᠤ᠂ ᠮᠥᠷᠭᠦᠬᠦ᠂ ᠮᠥᠷᠥᠭᠡᠳᠥᠯ ᠤᠨ | ᠦᠭᠡ ᠢᠯᠡᠭᠡᠬᠦ ᠵᠡᠷᠭᠡ ᠠᠷᠭ᠎ᠠ ᠬᠡᠯᠪᠡᠷᠢ ᠪᠠᠷ ︽ᠭᠡᠷ ᠠᠴᠠ ᠪᠠᠨ ᠭᠠᠷᠬᠤ ᠦᠭᠡᠢ︾ ᠪᠠᠷ ᠬᠦᠨᠳᠦᠳᠭᠡᠯ ᠪᠢᠰᠢᠷᠡᠯ ᠢᠶᠠᠨ | ᠳᠡᠪᠰᠢᠭᠦᠯᠬᠦ ᠠᠵᠢᠯᠯᠠᠭ᠎ᠠ ᠪᠠᠨ ᠶᠠᠪᠤᠭᠳᠠᠭᠤᠯᠤᠨ᠎ᠠ᠃ ᠨᠠᠰᠤᠨ ᠳᠤ ᠦᠯᠦ ᠬᠦᠷᠦᠭᠰᠡᠳ ᠢ ᠵᠢᠯᠣᠭᠤᠳᠣᠨ | ᠬᠦᠮᠦᠵᠢᠭᠦᠯᠵᠤ ᠰᠦᠯᠵᠢᠶᠡᠨ ᠤ ᠳᠠᠶᠢᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ ᠰᠢᠯᠦᠭ ᠵᠣᠬᠢᠶᠠᠯ᠂ | ᠤᠷᠠᠨ ᠪᠢᠴᠢᠯᠭᠡ᠂ ᠤᠷᠠᠨ ᠵᠢᠷᠤᠭ᠂ ᠭᠠᠷ ᠪᠦᠲᠦᠭᠡᠯ᠂ ᠳᠦᠷᠰᠦ ᠰᠢᠩᠭᠡᠭᠡᠯᠲᠡ ᠪᠠᠷ ᠬᠤᠪᠢᠰᠬᠠᠯᠲᠤ ᠤᠳᠤᠮᠰᠢᠯ ᠢ | ᠵᠠᠯᠭᠠᠮᠵᠢᠯᠠᠨ᠂ ᠡᠬᠡ ᠣᠷᠣᠨᠴᠢ ᠬᠠᠶᠢᠷ᠎ᠠ ᠰᠡᠳᠬᠢᠯᠭᠡ ᠶᠢ ᠵᠤᠵᠠᠭᠠᠳᠬᠠᠨ᠎ᠠ᠃ ᠬᠢᠵᠢᠭ ᠤᠨ ᠬᠤᠭᠤᠴᠠᠭᠠᠨ ᠳᠤ | ᠨᠡᠶᠢᠲᠡ ᠶᠢᠨ ᠲᠠᠬᠢᠯᠭ᠎ᠠ᠂ ᠴᠢᠨᠳᠠᠷ ᠠᠴᠠ ᠠᠶᠠᠷᠯᠠᠬᠤ ᠬᠠᠮᠲᠤ ᠶᠢᠨ ᠠᠵᠢᠯᠯᠠᠭ᠎ᠠ᠂ ᠴᠢᠨᠳᠠᠷ ᠢ ᠲᠥᠪᠯᠡᠷᠡᠭᠦᠯᠦᠨ | ᠲᠠᠯᠪᠢᠬᠤ ᠵᠡᠷᠭᠡ ᠤᠯᠠᠨ ᠨᠠᠶᠢᠳᠠᠴᠢ ᠴᠢᠨᠠᠷᠲᠠᠶ ᠬᠤᠷᠠᠨ ᠴᠤᠭᠯᠠᠷᠠᠯᠲᠠ ᠶᠢᠨ ᠠᠵᠢᠯᠯᠠᠭ᠎ᠠ ᠶᠢ ᠲᠦᠷ ᠵᠣᠭᠰᠣᠭᠠᠨ᠎ᠠ᠃ | ᠨᠡᠶᠢᠲᠡ ᠶᠢᠨ ᠣᠩᠭᠤᠨ ᠳᠤ ᠣᠷᠣᠰᠢᠭᠤᠯᠬᠤ ᠶᠢ ᠰᠠᠨᠠᠭᠠᠴᠢᠯᠠᠨ ᠬᠡᠷᠡᠭᠵᠢᠭᠦᠯᠵᠦ᠂ ᠴᠢᠨᠳᠠᠷ ᠢ ᠬᠠᠳᠠᠭᠠᠯᠠᠬᠤ᠂ ᠡᠪᠡᠰᠦ | ᠮᠤᠳᠤ ᠴᠡᠴᠡᠭ ᠲᠠᠷᠢᠵᠤ ᠤᠩᠭᠤᠯᠠᠬᠤ ᠵᠡᠷᠭᠡ ᠠᠮᠢ ᠠᠬᠤᠢ ᠳᠤ ᠬᠥᠨᠥᠭᠡᠯ ᠦᠭᠡᠢ ᠠᠵᠢᠯᠯᠠᠭ᠎ᠠ ᠶᠢ ᠢᠳᠡᠪᠬᠢᠲᠡᠢ | ᠰᠦᠪᠡᠭᠴᠢᠯᠡᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠨ ᠣᠷᠴᠢᠨ ᠲᠣᠭᠤᠷᠢᠨ ᠢ ᠡᠪᠳᠡᠬᠦ ᠦᠭᠡᠢ᠂ | ᠪᠤᠰᠤᠳ ᠤᠨ ᠠᠮᠢᠳᠤᠷᠠᠯ ᠢ ᠨᠥᠯᠥᠭᠡᠯᠡᠬᠦ ᠦᠭᠡᠢ᠂ ᠬᠤᠲᠠ ᠬᠥᠳᠡᠭᠡ ᠶᠢᠨ ᠠᠷᠢᠭᠤᠨ ᠴᠡᠪᠡᠷ ᠣᠷᠴᠢᠨ ᠲᠣᠭᠤᠷᠢᠨ ᠢ | ᠬᠠᠮᠠᠭᠠᠯᠠᠶ᠎ᠠ᠃ | ᠭᠤᠷᠪᠠ᠂ ᠠᠷᠪᠢᠴᠢ ᠭᠠᠮᠲᠠᠶ ᠪᠠᠷ ᠳᠠᠶᠢᠬᠤ ᠶᠢ ᠰᠤᠷᠲᠠᠯᠴᠢᠯᠠᠶ᠎ᠠ᠃ ︽ᠠᠮᠢᠳᠤ ᠪᠠᠶᠢᠬᠤ ᠳᠠᠭᠠᠨ ᠠᠴᠢᠯᠠᠯ ᠢ | ᠭᠦᠢᠴᠡᠳᠭᠡᠬᠦ︾ ᠦᠵᠡᠯᠲᠡ ᠶᠢ ᠴᠢᠬᠤᠯᠠᠴᠢᠯᠠᠵᠤ᠂ ᠠᠬᠠᠮᠠᠳ ᠦᠶ᠎ᠡ ᠲᠦᠷᠦᠯ ᠰᠠᠳᠤᠨ ᠢᠶᠠᠨ ᠬᠠᠶᠢᠷᠠᠯᠠᠨ | ᠬᠠᠯᠠᠮᠵᠢᠯᠠᠵᠤ᠂ ᠥᠲᠡᠯᠪᠡᠯ ᠠᠰᠠᠷᠠᠮᠵᠢ ᠲᠠᠢ᠂ ᠭᠥᠭᠰᠢᠷᠡᠪᠡᠯ ᠵᠢᠷᠭᠠᠯᠲᠠᠢ ᠪᠠᠶᠢᠯᠭᠠᠶ᠎ᠠ᠃ ᠰᠠᠳᠤᠨ ᠲᠥᠷᠥᠯ ᠨᠢ ᠨᠠᠰᠤ | ᠨᠥᠭᠴᠢᠭᠰᠡᠨ ᠤ ᠳᠠᠷᠠᠭ᠎ᠠ ᠶᠡᠭᠡ ᠪᠠᠷ ᠤᠷᠤᠰᠢᠭᠤᠯᠭ᠎ᠠ ᠬᠢᠬᠦ ᠥᠬᠡᠶ᠂ ᠬᠠᠷᠢᠯᠴᠠᠨ ᠠᠳᠠᠯᠢᠳᠬᠠᠬᠤ ᠥᠬᠡᠶ᠂ ᠠᠷᠪᠢᠴᠢ | ᠭᠠᠮᠲᠠᠶ ᠪᠡᠯᠪᠡᠰᠦᠷᠡᠯ ᠢ ᠭᠦᠢᠴᠡᠳᠬᠡᠶ᠎ᠡ᠃ | ᠳᠥᠷᠪᠡ᠂ ᠠᠮᠤᠷ ᠲᠦᠪᠰᠢᠨ ᠢᠶᠠᠷ ᠳᠠᠶᠢᠬᠤ ᠶᠢ ᠰᠤᠷᠲᠠᠯᠴᠢᠯᠠᠶ᠎ᠠ᠃ ᠪᠡᠶ᠎ᠡ ᠪᠠᠨ ᠪᠠᠷᠢᠬᠤ ᠶᠠᠪᠤᠳᠠᠯ ᠢ ᠴᠢᠩᠭᠠᠳᠬᠠᠵᠤ | ᠤᠩᠭᠤᠨ ᠤ ᠭᠠᠵᠠᠷ᠂ ᠣᠶᠢᠳᠣ ᠤᠷᠤᠨ᠂ ᠲᠠᠯ᠎ᠠ ᠨᠤᠲᠤᠭ ᠡᠪᠡᠰᠣ ᠪᠡᠯᠴᠢᠭᠡᠷ ᠵᠡᠷᠭᠡ ᠠᠮᠠᠷᠬᠠᠨ ᠭᠠᠯ ᠤᠨ ᠠᠶᠤᠯ | ᠡᠭᠦᠰᠬᠦ ᠲᠠᠯᠠᠪᠤᠷ ᠲᠤ ᠲᠠᠮᠠᠬᠢ ᠲᠠᠲᠠᠬᠤ᠂ ᠴᠠᠭᠠᠰᠤ ᠰᠢᠲᠠᠭᠠᠬᠤ᠂ ᠫᠤᠤᠵᠢᠩ ᠲᠠᠯᠪᠢᠬᠤ ᠶᠢ ᠳᠡᠪᠴᠢᠨ᠎ᠡ᠂ ᠭᠠᠯ ᠤᠨ | ᠴᠤᠭ ᠪᠠ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠠᠪᠴᠤ ᠡᠪᠡᠰᠦ ᠮᠤᠳᠤ ᠲᠠᠢ ᠭᠠᠵᠠᠷ ᠲᠤ ᠣᠷᠣᠬᠤ ᠦᠭᠡᠢ᠂ | ᠳᠠᠶᠢᠯᠭ᠎ᠠ ᠠᠴᠠ ᠪᠣᠯᠵᠤ ᠭᠠᠯ ᠤᠨ ᠠᠶᠤᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ ᠬᠤᠲᠠ᠂ ᠮᠤᠵᠢ ᠵᠢᠴᠢ ᠬᠢᠯᠢ ᠶᠢᠨ | ᠭᠠᠳᠠᠨᠠᠬᠢ ᠲᠥᠷᠥᠯ ᠰᠠᠳᠤᠨ ᠨᠠᠶᠢᠵᠠ ᠨᠥᠬᠦᠳ ᠲᠡᠭᠡᠨ ᠲᠦᠷ ᠴᠠᠭ ᠨᠤᠲᠤᠭ ᠲᠠᠭᠠᠨ ᠬᠠᠷᠢᠵᠤ ᠳᠠᠶᠢᠯᠭ᠎ᠠ ᠬᠢᠵᠦ | ᠪᠣᠯᠬᠤ ᠦᠭᠡᠢ ᠭᠡᠰᠡᠨ ᠢ ᠴᠠᠭ ᠲᠤᠬᠠᠢ ᠳᠤᠨᠢ ᠮᠡᠳᠡᠭᠳᠡᠵᠦ ᠬᠤᠷᠠᠨ ᠴᠤᠭᠯᠠᠷᠠᠵᠤ ᠤᠩᠭᠤᠨ ᠴᠡᠪᠡᠷᠯᠡᠭᠡ ᠬᠢᠬᠦ | ᠶᠠᠪᠤᠴᠠ ᠳᠤ ᠬᠠᠷᠢᠯᠴᠠᠨ ᠬᠠᠯᠳᠠᠪᠤᠷᠢᠯᠠᠬᠤ ᠠᠴᠠ ᠵᠶᠢᠯᠠᠰᠬᠢᠬᠤ ᠬᠡᠷᠡᠭᠲᠡᠶ᠃ | ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠡ᠂ ᠪᠢᠳᠡ ᠪᠥᠬᠦᠨ ᠢᠳᠡᠪᠬᠢᠲᠡᠶ ᠬᠥᠳᠡᠯᠥᠯᠴᠡᠨ | ᠵᠢᠵᠢᠭ ᠰᠠᠵᠢᠭ ᠶᠠᠪᠦᠳᠠᠯ ᠠᠴᠠ ᠭᠠᠷᠳᠠᠵᠤ᠂ ᠬᠠᠭᠤᠴᠢᠨ ᠵᠤᠷᠰᠢᠯ ᠢ ᠥᠭᠡᠷᠡᠴᠢᠯᠡᠨ᠂ ᠰᠢᠨ᠎ᠡ ᠰᠤᠷᠲᠠᠯ ᠢ | ᠰᠠᠨᠠᠭᠠᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ ᠶᠡᠷᠦᠩᠬᠡᠶ ᠳᠠᠶᠢᠯᠠᠯᠳᠣᠭᠠᠨ᠂ | ᠬᠤᠷᠢᠭᠯᠠᠯᠳᠠ ᠶᠢᠨ ᠳᠠᠶᠢᠯᠳᠣᠭᠠᠨ ᠢ ᠬᠠᠮᠲᠤ ᠪᠠᠷ ᠰᠠᠶᠢᠲᠤᠷ ᠬᠢᠵᠦ ᠪᠣᠯᠪᠠᠰᠤᠨ᠂ ᠠᠷᠪᠢᠴᠢ ᠭᠠᠮᠲᠠᠶ᠂ ᠠᠮᠤᠷ | ᠲᠦᠪᠰᠢᠨ ᠬᠠᠩᠰᠢ ᠶᠢᠨ ᠡᠳᠦᠷ ᠢ ᠬᠠᠮᠲᠤ ᠪᠠᠷ ᠥᠩᠭᠡᠷᠡᠭᠦᠯᠦᠶ᠎ᠡ᠃ | | ᠦᠤᠰᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ | ᠦᠤᠰᠢᠨ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠺᠤᠮᠢᠰ ᠤᠨ ᠠᠯᠪᠠᠨ ᠭᠡᠷ | ᠡᠪ ᠬᠠᠮᠲᠤ ᠵᠠᠯᠠᠭᠤᠴᠤᠳ ᠤᠨ ᠡᠪᠯᠡᠯ ᠤᠨ ᠦᠤᠰᠢᠨ ᠬᠤᠰᠢᠭᠤᠨ ᠤ ᠬᠤᠷᠢᠶ᠎ᠠ | ᠦᠤᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ | ᠦᠤᠰᠢᠨ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ | ᠦᠤᠰᠢᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ | 2020 ᠣᠨ ᠤ 3 ᠰᠠᠷ᠎ᠠ ᠶᠢᠨ 23 ᠤ ᠡᠳᠦᠷ | |