ᠰᠣᠪᠣᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠣᠯ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠣᠷᠳᠣᠨ ᠠᠴᠠ ᠵᠦᠪᠰᠢᠶᠡᠷᠡᠵᠦ ᠪᠠᠶᠢᠭᠤᠯᠣᠭᠰᠠᠨ ᠵᠢᠩᠬᠢᠨᠢ ᠭᠠᠵᠠᠷ ᠤᠨ ᠲᠠᠰ ᠤᠨ ᠪᠠᠶᠢᠭᠤᠯᠤᠮᠵᠢ᠂ | ᠮᠤᠵᠢ ᠶᠢᠨ ᠲᠡᠰ ᠤᠨ ᠨᠡᠭᠡᠭᠡᠯᠲᠡ ᠶᠢᠨ ᠲᠣᠭᠤᠷᠢᠭ ᠪᠠᠶᠢᠵᠤ ᠦᠪᠦᠷ ᠮᠤᠩᠭᠤᠯ ᠤᠨ ᠣᠷᠳᠣᠰ ᠬᠤᠲᠠ ᠶᠢᠨ ᠦᠦᠰᠢᠨ | ᠬᠤᠰᠢᠭᠤᠨ ᠳᠤ ᠪᠠᠶᠢᠷᠢᠰᠢᠳᠠᠭ᠃ ᠨᠡᠭᠡᠭᠡᠯᠲᠡ ᠶᠢᠨ ᠲᠣᠭᠤᠷᠢᠭ ᠢ 1999 ᠣᠨ ᠠᠴᠠ ᠪᠠᠶᠢᠭᠤᠯᠤᠯᠲᠠ ᠶᠢᠨ | ᠪᠡᠯᠡᠳᠬᠡᠯ ᠠᠵᠢᠯ ᠪᠠᠨ ᠡᠬᠢᠯᠡᠬᠦᠯᠵᠦ 2001 ᠣᠨ ᠳᠤ ᠵᠢᠩᠬᠢᠨᠢ ᠪᠠᠶᠢᠭᠤᠯᠣᠭᠳᠠᠪᠠ ︵ᠳᠡᠳ᠋ ᠭᠠᠵᠠᠷ ᠤᠨ ᠲᠠᠰ ᠤᠨ | ᠪᠠᠶᠢᠭᠤᠯᠤᠮᠵᠢ︶᠃ 2009 ᠣᠨ ᠳᠤ ᠵᠢᠩᠬᠢᠨᠢ ᠭᠠᠵᠠᠷ ᠤᠨ ᠲᠠᠰ ᠤᠨ ᠪᠠᠶᠢᠭᠤᠯᠤᠮᠵᠢ ᠪᠠᠷ ᠲᠡᠪᠰᠢᠵᠦ 2012 | ᠣᠨ ᠳᠤ ᠪᠦᠬᠦ ᠬᠤᠲᠠ ᠶᠢᠨ 18 ᠭᠤᠣᠯᠳᠠᠯᠭᠠᠲᠣ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ | ᠵᠢᠭᠰᠠᠭᠠᠭᠳᠠᠨ 2014 ᠣᠨ ᠳᠤ ᠦᠪᠡᠷᠳᠡᠭᠡᠨ ᠵᠠᠰᠠᠬᠤ ᠣᠷᠣᠨ ᠤ ︽ᠵᠠᠭᠤᠨ ᠳ᠋ᠦᠩᠰᠢᠭᠤᠷ ᠲᠦᠬᠦᠷᠢᠭ ᠤᠨ | ᠬᠦᠷᠢᠶᠡᠯᠡᠩ ᠲᠣᠭᠤᠷᠢᠭ︾ ᠤᠨ ᠡᠩᠨᠡᠭᠡᠨ ᠳᠤ ᠵᠢᠭᠰᠠᠭᠠᠭᠳᠠᠪᠠ᠃ ᠶᠡᠷᠦᠩᠬᠡᠢ ᠲᠥᠯᠥᠪᠵᠢᠭᠦᠯᠭᠡ ᠶᠢᠨ ᠲᠠᠯᠠᠪᠡᠢ ᠨᠢ | 86.9 ᠲᠡᠭᠰᠢ ᠲᠦᠷᠪᠡᠯᠵᠢᠨ ᠺᠢᠯᠦᠮᠧᠲᠷ᠂ ᠪᠦᠳᠦᠭᠡᠨ ᠪᠠᠶᠢᠭᠤᠯᠤᠯᠲᠠ ᠶᠢᠨ ᠣᠷᠣᠨ ᠤ ᠲᠠᠯᠠᠪᠡᠢ ᠨᠢ 27 ᠲᠡᠭᠰᠢ | ᠲᠦᠷᠪᠡᠯᠵᠢᠨ ᠺᠢᠯᠦᠮᠧᠲᠷ ᠪᠠᠶᠢᠵᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠨᠡᠶᠢᠲᠡ 28. | 96 ᠳ᠋ᠦᠩᠰᠢᠭᠤᠷ ᠲᠦᠬᠦᠷᠢᠭ ᠢ ᠪᠡᠶᠡᠯᠡᠬᠦᠯᠵᠦ ︽ᠨᠠᠢᠮᠠ ᠶᠢ ᠨᠡᠪᠲᠡᠷᠡᠬᠦᠯᠵᠦ ᠨᠢᠭᠡ ᠶᠢ ᠲᠡᠭᠰᠢᠯᠡᠬᠦ︾ ︵ᠣᠰᠤ | ᠬᠠᠩᠭᠠᠬᠤ᠂ ᠣᠰᠤ ᠳᠠᠲᠠᠷᠠᠭᠤᠯᠬᠤ᠂ ᠴᠠᠬᠢᠯᠭᠠᠨ ᠲᠣᠣᠷ᠂ ᠵᠠᠰᠠᠮᠠᠯ ᠵᠠᠮ᠂ ᠬᠤᠯᠪᠣᠭ᠎ᠠ ᠨᠠᠪᠳᠠᠷᠡᠯᠬᠡ᠂ ᠳᠤᠯᠠᠭᠠᠯᠠᠯᠭ᠎ᠠ | ᠬᠠᠩᠭᠠᠬᠤ᠂ ᠬᠡᠢ ᠬᠠᠩᠭᠠᠬᠤ ᠪᠠ ᠪᠤᠷᠤᠭᠠᠨ ᠤ ᠣᠰᠤ ᠪᠠ ᠪᠣᠬᠢᠷ ᠣᠰᠣᠨ ᠲᠣᠣᠷ ᠢ ᠨᠡᠪᠲᠡᠷᠡᠬᠦᠯᠬᠦ᠂ ᠲᠠᠯᠠᠪᠤᠷ ᠤᠨ | ᠭᠠᠵᠠᠷ ᠢ ᠲᠡᠭᠰᠢᠯᠡᠬᠦ︶ ᠶᠢ ᠦᠨᠳᠦᠰᠦᠨ ᠳᠡᠭᠡᠨ ᠪᠡᠶᠡᠯᠡᠬᠦᠯᠪᠡ᠃ ᠣᠳᠣᠬᠠᠨ ᠳᠤ ᠨᠡᠭᠡᠭᠡᠯᠲᠡ ᠶᠢᠨ ᠲᠣᠭᠤᠷᠢᠭ ᠲᠤ | ᠨᠠᠮ ᠵᠠᠰᠠᠭ ᠤᠨ ᠠᠯᠪᠠᠨ ᠭᠡᠷ᠂ ᠨᠠᠮ ᠪᠠ ᠣᠯᠠᠨ ᠲᠦᠮᠡᠨᠴᠢ ᠠᠵᠢᠯ ᠤᠨ ᠬᠡᠯᠲᠡᠰ᠂ ᠠᠵᠤ ᠠᠬᠤᠢ ᠶᠢᠨ | ᠬᠦᠭᠵᠢᠬᠦᠯᠦᠯᠲᠡ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠦᠯᠦᠪᠵᠢᠬᠦᠯᠭᠡ ᠪᠠ ᠪᠦᠲᠦᠭᠡᠨ | ᠪᠠᠶᠢᠭᠤᠯᠣᠯᠲᠠ ᠶᠢᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠠᠶᠦᠯᠬᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ᠂ ᠨᠡᠶᠢᠲᠡ ᠶᠢᠨ ᠬᠡᠷᠡᠭᠯᠡᠬᠡᠨ ᠤ ᠠᠵᠢᠯ ᠦᠢᠯᠡᠰ ᠤᠨ | ᠬᠠᠮᠢᠶᠠᠷᠤᠯᠲᠠ ᠶᠢᠨ ᠲᠣᠪᠴᠢᠶ᠎ᠠ᠂ ᠣᠯᠣᠰ ᠤᠨ ᠭᠠᠵᠠᠷ ᠰᠢᠷᠦᠢ ᠶᠢᠨ ᠡᠬᠢ ᠪᠠᠶᠠᠯᠢᠭ ᠤᠨ ᠬᠤᠪᠢᠶᠠᠷᠢ ᠲᠤᠪᠴᠢᠶ᠎ᠠ᠂ | ᠦᠦᠰᠢᠨ ᠬᠤᠰᠢᠭᠤᠨ ᠤ ᠰᠣᠪᠣᠷᠭ᠎ᠠ ᠪᠡᠯᠡ ᠣᠷᠣᠭᠤᠯᠣᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠵᠡᠷᠭᠡ | 10 ᠰᠠᠯᠠᠭ᠎ᠠ ᠮᠦᠴᠢᠷ ᠢ ᠲᠣᠬᠢᠷᠠᠭᠤᠯᠵᠠᠢ᠃ ᠬᠠᠷᠢᠶᠠᠨ ᠳᠤᠨᠢ ᠭᠤᠷᠪᠠᠨ ᠠᠵᠤ ᠦᠢᠯᠡᠳᠪᠦᠷᠢ ᠶᠢᠨ ᠲᠦᠷᠦᠯ | ᠵᠦᠢᠯ ᠤᠨ ᠲᠥᠪᠯᠡᠷᠡᠯ ᠲᠣᠭᠤᠷᠢᠭ ︵ᠤᠯᠠᠭᠠᠨᠲᠤᠯᠤᠭᠠᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ | ᠲᠣᠭᠤᠷᠢᠭ᠂ ᠲᠤᠭ ᠤᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠣᠭᠤᠷᠢᠭ᠂ ᠦᠦᠰᠢᠨᠵᠤᠤ ᠶᠢᠨ ᠬᠢᠮᠢ ᠶᠢᠨ | ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠣᠭᠤᠷᠢᠭ︶᠂ ᠨᠢᠭᠡ ᠠᠭᠤᠷᠬᠠᠢ ᠶᠢᠨ ᠣᠷᠣᠨ ( ᠬᠤᠵᠢᠷᠲᠤ ᠶᠢᠨ | ᠠᠭᠤᠷᠬᠠᠢ ᠶᠢᠨ ᠣᠷᠣᠨ︶ ᠲᠠᠢ ᠪᠠᠶᠢᠨ᠎ᠠ᠃ ᠡᠬᠦᠨ ᠳᠤ ᠤᠯᠠᠭᠠᠨᠲᠤᠯᠤᠭᠠᠢ ᠶᠢᠨ ᠠᠵᠤ ᠦᠢᠯᠡᠳᠪᠦᠷᠢ ᠶᠢᠨ ᠲᠦᠷᠦᠯ | ᠵᠦᠢᠯ ᠤᠨ ᠲᠣᠭᠤᠷᠢᠭ ᠨᠢ ᠣᠯᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠦᠨ ᠵᠡᠷᠭᠡ ᠵᠢᠷᠭᠤᠭᠠᠨ ᠶᠠᠮᠦᠨ ᠤ | ᠨᠠᠮ ᠤᠨ ᠬᠤᠷᠢᠶ᠎ᠠ ᠠᠴᠠ ᠬᠠᠮᠲᠤᠷᠠᠨ ᠨᠡᠷᠡᠯᠡᠭᠰᠡᠨ ᠣᠯᠣᠰ ᠤᠨ ᠰᠢᠨ᠎ᠡ ᠮᠡᠲ᠋ᠧᠷᠢᠶᠠᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠵᠢᠴᠢ ᠠᠵᠤ ᠦᠢᠯᠡᠰᠵᠢᠬᠦᠯᠦᠯᠲᠡ ᠶᠢᠨ ᠰᠠᠭᠤᠷᠢᠨ ᠭᠠᠵᠠᠷ ᠪᠣᠯᠣᠭᠰᠠᠨ ᠪᠦᠭᠡᠳ | ᠦᠦᠰᠢᠨᠵᠤᠤ ᠶᠢᠨ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠣᠭᠤᠷᠢᠭ ᠨᠢ ᠦᠪᠡᠷᠳᠡᠭᠡᠨ ᠵᠠᠰᠠᠬᠤ | ᠣᠷᠣᠨ ᠤ ᠣᠷᠴᠢᠯ ᠠᠵᠤ ᠠᠬᠤᠢ ᠶᠢᠨ ᠲᠠᠭᠤᠷᠢᠶᠠᠯ ᠦᠵᠡᠬᠦᠯᠬᠦ ᠬᠦᠷᠢᠶᠡᠯᠡᠩ ᠪᠣᠯᠣᠭᠰᠠᠨ ᠶᠤᠮ᠃ |