ᠲᠤᠭ ᠪᠠᠯᠭᠠᠰᠤ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠪᠦᠭᠦ ᠭᠦᠴᠦᠨ ᠢᠶᠠᠷ ᠰᠠᠶᠢᠳᠤᠷ | ᠭᠢᠭᠰᠡᠨ ᠤᠷᠢᠳᠠᠯ ᠲᠤᠤᠷ᠎ᠠ᠂ ᠶᠠᠳᠠᠭᠤ ᠭᠦᠴᠢᠷᠳᠠᠯᠳᠠᠢ ᠭᠦᠮᠦᠰ ᠤᠨ ᠠᠵᠢᠯ ᠤᠨ ᠪᠠᠶᠢᠷᠢᠨ ᠳᠠᠭᠠᠨ ᠪᠤᠴᠠᠬᠤ ᠪᠠ | ᠠᠵᠢᠯ ᠤᠯᠭᠤᠬᠤ ᠶᠢ ᠨᠢᠭᠡᠳᠤᠯᠳᠠᠢ ᠲᠦᠯᠦᠪᠵᠢᠭᠦᠯᠦᠨ ᠠᠳᠬᠤᠵᠤ᠂ ᠬᠠᠪᠤᠷ ᠤᠨ ᠲᠠᠷᠢᠶᠠᠯᠠᠩ ᠦᠢᠯᠡᠳᠪᠤᠷᠢᠯᠠᠯ ᠢ | ᠱᠠᠯᠠᠪᠳᠠᠨ ᠵᠤᠭᠢᠶᠠᠨ ᠪᠠᠶᠢᠭᠤᠯᠵᠤ᠂ ᠶᠠᠳᠠᠭᠤ ᠶᠢ ᠲᠡᠳᠭᠦᠭᠦ ᠲᠦᠷᠦᠯ ᠵᠦᠢᠯ ᠤᠨ ᠠᠵᠢᠯ ᠢ ᠰᠡᠷᠭᠦᠭᠡᠨ | ᠦᠢᠯᠡᠳᠪᠤᠷᠢᠯᠠᠯ ᠢ ᠰᠡᠷᠭᠦᠭᠡᠭᠦ ᠶᠢ ᠠᠭᠢᠭᠤᠯᠵᠤ᠂ ᠰᠡᠷᠭᠡᠶᠢᠯᠡᠨ ᠡᠵᠡᠮᠳᠡᠭᠦ ᠪᠠ ᠭᠦᠭᠵᠢᠯᠳᠠ ᠶᠢ ᠴᠦᠮ | ᠤᠰᠤᠯᠳᠠᠭᠤᠯᠬᠤ ᠦᠭᠡᠢ ᠪᠠᠶᠢᠬᠤ ᠶᠢ ᠪᠠᠳᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ | ᠠᠭᠢᠴᠠ ᠶᠢ ᠲᠦᠷᠭᠡᠳᠭᠡᠵᠤ ᠪᠠᠶᠢᠨ᠎ᠠ᠃ | ᠲᠤᠭ ᠪᠠᠯᠭᠠᠰᠤ ᠶᠢᠨ ᠤᠯᠠᠭᠠᠨᠰᠢᠪᠠᠷᠳᠠᠢ ᠲᠤᠰᠬᠤᠨ ᠤ ᠶᠠᠳᠠᠭᠤ ᠭᠦᠴᠢᠷᠳᠠᠯᠳᠠᠢ ᠡᠷᠦᠭᠡ ᠾᠧ ᠽᠢ | ᠬᠤᠸᠠ ᠶᠢᠨ ᠬᠢ 40 ᠭᠠᠷᠤᠢ ᠮᠦ ᠲᠠᠷᠢᠶᠠᠨ ᠭᠠᠵᠠᠷ ᠲᠠᠢ ᠪᠠᠶᠢᠵᠦ᠂ ᠬᠠᠪᠤᠷ ᠤᠨ ᠲᠠᠷᠢᠶᠠᠯᠠᠭ᠎ᠠ ᠤᠳᠠᠯ ᠦᠭᠡᠢ | ᠡᠭᠢᠯᠡᠭᠦ ᠪᠤᠯᠤᠬᠰᠠᠨ ᠪᠤᠯᠪᠠᠴᠦ ᠭᠢᠮᠢ ᠶᠢᠨ ᠪᠤᠷᠳᠤᠭᠤᠷ ᠢᠶᠠᠨ ᠬᠤᠳᠠᠯᠳᠤᠵᠤ ᠠᠪᠤᠭ᠎ᠠ ᠦᠭᠡᠢ ᠰᠠᠨᠳᠤᠷᠴᠦ ᠪᠠᠶᠢᠯ᠎ᠠ᠃ | ᠶᠠᠭ ᠡᠨᠡ ᠦᠶ᠎ᠠ ᠳᠤ ᠲᠤᠭ ᠪᠠᠯᠭᠠᠰᠤ ᠶᠢᠨ ᠵᠠᠰᠠᠭ ᠤᠨ ᠤᠷᠳᠤᠨ 20 ᠲᠤᠨ ᠭᠢᠮᠢ ᠶᠢᠨ ᠪᠤᠷᠳᠤᠭᠤᠷ ᠢ ᠮᠠᠯᠴᠢᠨ | ᠲᠠᠷᠢᠶᠠᠴᠢᠳ ᠤᠨ ᠭᠡᠷ ᠲᠤ ᠭᠦᠷᠭᠡᠭᠦ ᠶᠢᠨ ᠬᠠᠮᠳᠤ ᠲᠠᠩᠰᠡ ᠺᠠᠷᠲ ᠪᠠᠶᠢᠭᠤᠯᠤᠬᠰᠠᠨ ᠶᠠᠳᠠᠭᠤ ᠭᠦᠴᠢᠷᠳᠠᠯᠳᠡᠢ | ᠡᠷᠦᠭᠡ ᠶᠢᠨ ᠭᠡᠷᠡᠭᠯᠡᠭᠦ ᠭᠢᠮᠢ ᠶᠢᠨ ᠪᠤᠷᠳᠤᠭᠤᠷ ᠤᠨ 50% ᠶᠢ ᠨᠢ ᠬᠠᠨᠭ᠍ᠭᠠᠵᠤ᠂ ᠶᠠᠳᠠᠭᠤ ᠭᠦᠴᠢᠷᠳᠠᠯᠳᠠᠢ | ᠡᠷᠦᠭᠡ ᠶᠢᠨ ᠬᠠᠪᠤᠷ ᠤᠨ ᠲᠠᠷᠢᠶᠠᠯᠠᠭ᠎ᠠ ᠶᠢᠨ ᠭᠡᠷᠡᠭᠴᠡᠭᠡ ᠱᠠᠭᠠᠷᠳᠠᠯᠭ᠎ᠠ ᠶᠢ ᠰᠢᠢᠳᠪᠤᠷᠢᠯᠡᠭᠰᠡᠨ ᠮᠦᠷᠳᠡᠭᠡᠨ | ᠵᠠᠷᠤᠳᠠᠯ ᠢ ᠨᠢ ᠴᠤ ᠠᠷᠪᠢᠯᠠᠬᠰᠠᠨ ᠪᠠᠶᠢᠨ᠎ᠠ᠃ | ᠮᠠᠯᠴᠢᠨ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠭᠡᠷᠡᠭᠰᠡᠭᠦ ᠪᠤᠷᠳᠤᠭᠤᠷ ᠤᠨ | ᠱᠠᠭᠠᠷᠳᠠᠯᠭ᠎ᠠ ᠶᠢ ᠪᠠᠳᠤᠯᠠᠬᠤ ᠶᠢᠨ ᠲᠤᠰᠠᠳᠠ ᠲᠤᠭ ᠪᠠᠯᠭᠠᠰᠤ ᠬᠠᠷᠢᠶ ᠠ ᠲᠤᠭᠤᠷᠢᠭ ᠲᠤ ᠪᠠᠶᠢᠭ᠎ᠠ ᠲᠤᠮᠳᠠᠳᠤ ᠶᠢᠨ | ᠨᠡᠭᠦᠷᠡᠰᠦᠨ ᠤ ᠪᠦᠯᠦᠭᠯᠡᠯ ᠤᠨ ᠤᠷᠳᠤᠰ ᠤᠨ ᠡᠨᠧᠷᠭᠢ ᠭᠢᠮᠢ ᠶᠢᠨ ᠠᠵᠤ ᠦᠢᠯᠡᠳᠪᠤᠷᠢ ᠶᠢᠨ ᠭᠢᠵᠠᠭᠠᠷᠳᠤ | ᠺᠤᠮᠫᠠᠨᠢ ᠲᠠᠢ ᠬᠠᠷᠢᠯᠴᠠᠵᠤ᠂ ᠲᠤᠨ ᠪᠦᠷᠢ 1470 ᠲᠦᠭᠦᠷᠢᠭ ᠢᠶᠠᠷ 2000 ᠲᠤᠨ ᠰᠢᠭᠡᠰᠦᠯᠢᠭ ᠡᠳ᠋ ᠵᠠᠭᠢᠶᠠᠯᠠᠵᠤ | ᠂ ᠤᠳᠤᠬᠠᠨ ᠳᠤ ᠭᠢᠮᠢ ᠶᠢᠨ ᠪᠤᠷᠳᠤᠭᠤᠷ ᠢ ᠪᠦᠭᠦ ᠪᠠᠯᠭᠠᠰᠤ ᠶᠢᠨ 10 ᠭᠠᠴᠠᠭ᠎ᠠ ᠲᠤᠰᠬᠤᠨ ᠳᠤ ᠲᠡᠭᠡᠭᠡᠪᠤᠷᠢᠯᠠᠨ | ᠠᠪᠠᠴᠢᠵᠤ᠂ 10 ᠡᠳᠦᠷ ᠲᠤ ᠪᠦᠭᠦᠨ ᠢ ᠮᠠᠯᠴᠢᠨ ᠲᠡᠷᠢᠶᠠᠴᠢᠳ ᠤᠨ ᠭᠡᠷ ᠲᠤ ᠭᠦᠷᠭᠡᠭᠦ ᠪᠤᠯᠤᠨ᠎ᠠ᠃ | ᠲᠤᠭ ᠪᠠᠯᠭᠠᠰᠤ ︽ᠡᠷᠳᠡ︾ ᠭᠦᠳᠡᠯᠤᠯᠴᠠᠭᠦ ᠠᠴᠠ ᠭᠠᠷᠳᠠᠵᠤ᠂ ᠲᠤᠰᠬᠠᠢ ᠦᠢᠯᠡᠴᠢᠯᠡᠭᠡᠨ ᠤ ᠠᠩᠭᠢ ᠪᠠ | ᠭᠠᠴᠠᠭ᠎ᠠ ᠲᠤᠰᠬᠤᠨ ᠳᠤ ᠰᠠᠭᠤᠵᠤ ᠠᠵᠢᠯᠯᠠᠬᠤ ᠠᠩᠭᠢ ᠵᠡᠷᠭᠡ ᠶᠢ ᠵᠤᠭᠢᠶᠠᠨ ᠪᠠᠶᠢᠭᠤᠯᠵᠤ᠂ ᠭᠠᠴᠠᠭ᠎ᠠ ᠲᠤᠰᠬᠤᠨ ᠤ | ᠶᠠᠳᠠᠭᠤ ᠭᠦᠴᠢᠷᠳᠠᠯᠳᠠᠢ ᠡᠷᠦᠭᠡ ᠪᠠᠷ ᠭᠦᠨᠵᠡᠭᠡᠶᠢᠷᠠᠨ᠂ ᠶᠠᠳᠠᠭᠤ ᠭᠦᠴᠢᠷᠳᠠᠯᠳᠠᠢ ᠡᠷᠦᠭᠡ ᠶᠢᠨ ᠬᠠᠪᠤᠷ ᠤᠨ | ᠲᠠᠷᠢᠶᠠᠯᠠᠭ᠎ᠠ᠂ ᠭᠢᠵᠢᠭ ᠤᠨ ᠪᠠᠶᠢᠳᠠᠯ᠂ ᠦᠢᠯᠡᠳᠪᠤᠷᠢᠯᠠᠯ ᠠᠮᠢᠳᠤᠷᠠᠯ ᠵᠡᠷᠭᠡ ᠲᠠᠯ᠎ᠠ ᠳᠤ ᠤᠷᠤᠰᠢᠵᠤ ᠪᠠᠶᠢᠭ᠎ᠠ | ᠠᠰᠠᠭᠤᠳᠠᠯ ᠪᠠ ᠭᠦᠴᠢᠷᠳᠠᠯ ᠢ ᠤᠢᠢᠯᠠᠭᠠᠵᠤ᠂ ᠶᠠᠳᠠᠭᠤ ᠠᠴᠠ ᠠᠩᠭᠢᠵᠢᠷᠠᠭᠤᠯᠬᠤ ᠠᠷᠭ᠎ᠠ ᠪᠠᠷᠢᠯ ᠢ ᠪᠤᠳᠠᠳᠤ | ᠪᠠᠶᠢᠳᠠᠯ ᠳᠤ ᠵᠤᠭᠢᠴᠠᠭᠤᠯᠤᠨ ᠲᠤᠬᠳᠠᠭᠠᠵᠤ᠂ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠪᠠ ᠶᠠᠳᠠᠭᠤ ᠠᠴᠠ | ᠠᠩᠭᠢᠵᠢᠷᠠᠭᠤᠯᠬᠤ ᠶᠢ ᠤᠰᠤᠯᠳᠠᠯ ᠦᠭᠡᠢ ᠭᠢᠵᠤ ᠪᠠᠶᠢᠨ᠎ᠠ᠃ | |