3 ᠰᠠᠷ᠎ᠠ ᠶᠢᠨ 20 ᠤ ᠡᠳᠦᠷ᠂ ᠮᠠᠨ ᠤ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠲᠦᠷᠢᠮ ᠳᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ | ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ ᠳᠠᠷᠤᠭ᠎ᠠ ᠡᠷᠳᠡᠨᠢᠪᠢᠯᠢᠭ ᠤᠳᠤᠷᠢᠳᠬᠤ ᠪᠠᠭ᠎ᠠ ᠳᠤᠭᠤᠶᠢᠯᠠᠩ ᠤᠨ | ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ ᠭᠡᠷ ᠤᠨ ᠡᠯ᠎ᠡ ᠲᠤᠰᠬᠠᠢ ᠲᠥᠷᠥᠯ ᠤᠨ | ᠳᠤᠭᠤᠶᠢᠯᠠᠩ ᠪᠣᠯᠣᠨ ᠬᠢᠨᠠᠨ ᠬᠠᠷᠢᠭᠤᠴᠠᠬᠤ ᠠᠯᠪᠠᠨ ᠭᠡᠷ ᠤᠨ ᠠᠵᠢᠯ ᠤᠨ ᠪᠠᠶᠢᠳᠠᠯ ᠤᠨ ᠳᠤᠬᠠᠢ ᠮᠡᠳᠡᠭᠦᠯᠦᠯᠲᠡ ᠶᠢ | ᠰᠤᠨᠤᠰᠪᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠲᠤᠰᠬᠠᠢ ᠲᠥᠷᠥᠯ ᠤᠨ ᠳᠤᠭᠤᠶᠢᠯᠠᠩ ᠡᠷᠬᠡᠪᠰᠢ ᠤᠯᠤᠰ ᠲᠦᠷᠦ ᠶᠢᠨ | ᠵᠣᠭᠰᠤᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠦᠵᠡᠯᠲᠡ ᠲᠠᠨᠢᠯᠲᠠ ᠪᠠᠨ ᠭᠦᠨᠵᠡᠭᠡᠶᠢᠷᠡᠭᠦᠯᠦᠨ ᠲᠤᠰᠬᠠᠢ | ᠴᠡᠭᠴᠡᠯᠡᠨ ᠵᠠᠰᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ ᠠᠰᠠᠭᠤᠳᠠᠯ ᠤᠨ | ᠤᠳᠤᠷᠢᠳᠤᠮᠵᠢ᠂ ᠬᠠᠷᠠᠯᠲᠠ ᠶᠢᠨ ᠤᠳᠤᠷᠢᠳᠤᠮᠵᠢ ᠪᠣᠯᠣᠨ ᠦᠷ᠎ᠡ ᠳ᠋ᠦᠩ ᠤᠨ ᠤᠳᠤᠷᠢᠳᠤᠮᠵᠢ ᠶᠢᠨ ᠨᠢᠭᠡᠳᠦᠯ ᠢ | ᠪᠠᠷᠢᠮᠲᠠᠯᠠᠨ ᠵᠦᠭ ᠴᠢᠭ ᠢᠶᠠᠨ ᠲᠤᠳᠣᠷᠬᠠᠶᠢᠯᠠᠨ ᠭᠤᠣᠯ ᠠᠰᠠᠭᠤᠳᠠᠯ ᠳᠤ ᠲᠥᠪᠯᠡᠷᠡᠭᠦᠯᠬᠦ ᠬᠡᠷᠡᠭᠲᠡᠢ᠃ ᠠᠵᠢᠯ ᠤᠨ | ᠬᠤᠭᠤᠴᠠᠭ᠎ᠠ ᠪᠠᠨ ᠡᠭᠡᠯᠵᠢᠯᠡᠨ ᠲᠣᠬᠢᠷᠠᠭᠤᠯᠵᠤ ᠬᠤᠯᠪᠣᠭᠠᠯᠠᠨ ᠪᠠᠶᠢᠴᠠᠭᠠᠵᠤ ᠦᠨᠳᠦᠰᠦᠨ ᠠᠴᠠ ᠪᠠᠨ ᠶᠡᠭᠡ ᠪᠠᠷ | ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠤ ᠪᠦᠬᠦ ᠲᠠᠯ᠎ᠠ ᠪᠠᠷ ᠭᠦᠨᠵᠡᠭᠡᠢ ᠨᠠᠷᠢᠯᠢᠭ ᠪᠠᠶᠢᠴᠠᠭᠠᠵᠤ | ᠡᠯ᠎ᠡ ᠭᠤᠭᠴᠤᠭ᠎ᠠ᠂ ᠡᠯ᠎ᠡ ᠲᠠᠯ᠎ᠠ ᠶᠢ ᠦᠨᠡᠨ ᠪᠤᠳᠠᠳᠠᠢ ᠪᠠᠷ ᠪᠠᠶᠢᠴᠠᠭᠠᠨ ᠳᠠᠷᠤᠢ ᠲᠦᠷᠭᠡᠨ ᠠᠰᠠᠭᠤᠳᠠᠯ ᠢ | ᠰᠢᠢᠳᠪᠦᠷᠢᠯᠡᠵᠤ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠠᠵᠢᠯ ᠢᠶᠠᠨ ᠵᠣᠭᠰᠣᠭᠠᠬᠤ ᠦᠭᠡᠢ᠂ ᠴᠡᠭᠴᠡᠯᠡᠨ | ᠵᠠᠰᠠᠯᠲᠠ ᠨᠢ ᠪᠠᠷᠢᠮᠵᠢᠶ᠎ᠠ ᠳᠤ ᠬᠦᠷᠬᠦ ᠦᠭᠡᠢ ᠪᠣᠯ ᠠᠵᠢᠯ ᠢᠶᠠᠨ ᠰᠤᠯᠠᠷᠠᠭᠤᠯᠬᠤ ᠦᠭᠡᠢ ᠪᠠᠶᠢᠬᠤ ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠲᠤᠰᠬᠠᠢ ᠴᠡᠭᠴᠡᠯᠡᠨ ᠵᠠᠰᠠᠬᠤ ᠴᠢᠬᠤᠯᠠ ᠶᠡᠭᠡ ᠬᠠᠷᠢᠭᠤᠴᠠᠯᠭ᠎ᠠ ᠪᠠᠨ ᠡᠭᠦᠷᠭᠡᠯᠡᠵᠤ | ᠢᠳᠡᠪᠬᠢᠲᠠᠢ ᠪᠠᠷ ᠦᠪᠡᠷ ᠤᠨ ᠪᠡᠶ᠎ᠡ ᠪᠠᠷ ᠢᠶᠠᠨ ᠠᠵᠢᠯ ᠢ ᠵᠢᠯᠣᠭᠤᠳᠣᠨ ᠶᠠᠪᠤᠭᠳᠠᠭᠤᠯᠵᠤ ᠬᠠᠷᠢᠯᠴᠠᠨ ᠬᠤᠯᠪᠣᠭᠠᠯᠠᠨ | ᠬᠠᠮᠵᠢᠯᠴᠠᠬᠤ ᠶᠢ ᠴᠢᠬᠤᠯᠠᠴᠢᠯᠠᠨ ᠠᠳᠬᠤᠬᠤ ᠬᠡᠷᠡᠭᠲᠡᠢ᠃ ᠳᠥᠷᠪᠡᠨ ᠲᠠᠯ᠎ᠠ ᠶᠢᠨ 17 ᠲᠦᠷᠦᠯ ᠤᠨ ᠪᠤᠳᠠᠳᠠᠢ | ᠴᠡᠭᠴᠡᠯᠡᠨ ᠵᠠᠰᠠᠬᠤ ᠠᠰᠠᠭᠤᠳᠠᠯ ᠢ ᠴᠢᠩᠭ᠎ᠠ ᠪᠠᠷ ᠠᠳᠬᠤᠵᠤ ᠳᠠᠷᠠᠭᠠᠯᠠᠨ ᠪᠠᠶᠢᠴᠠᠭᠠᠬᠤ ᠪᠣᠯᠣᠨ ᠤᠭ ᠦᠨᠳᠦᠰᠦ | ᠬᠦᠷᠲᠡᠯ᠎ᠡ ᠪᠠᠶᠢᠴᠠᠭᠠᠬᠤ ᠶᠢ ᠤᠶᠠᠯᠳᠤᠭᠤᠯᠵᠤ ᠴᠡᠭᠴᠡᠯᠡᠨ ᠵᠠᠰᠠᠬᠤ ᠠᠷᠭ᠎ᠠ ᠪᠣᠳᠣᠯᠭ᠎ᠠ ᠶᠢ ᠨᠠᠷᠢᠯᠢᠭ ᠣᠨᠣᠪᠴᠢᠲᠠᠢ ᠪᠠᠷ | ᠲᠤᠭᠤᠰᠢᠯᠠᠭᠤᠯᠤᠨ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠠᠳᠬᠤᠨ ᠭᠤᠣᠯᠳᠠᠯᠭ᠎ᠠ ᠶᠢ ᠴᠡᠭᠴᠡᠯᠡᠨ ᠵᠠᠰᠠᠬᠤ | ᠬᠡᠷᠡᠭᠲᠡᠢ᠃ ᠠᠰᠠᠭᠤᠳᠠᠯ ᠢ ᠣᠨᠣᠪᠴᠢᠲᠠᠢ ᠭᠦᠨᠵᠡᠭᠡᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠭᠦᠨᠵᠡᠭᠡᠢ | ᠠᠳᠬᠤᠵᠤ ᠠᠵᠢᠯ ᠢ ᠨᠠᠷᠢᠯᠢᠭᠵᠢᠭᠤᠯᠤᠨ ᠨᠠᠶᠢᠲᠠᠪᠤᠷᠢᠵᠢᠭᠤᠯᠬᠤ ᠬᠡᠷᠡᠭᠲᠡᠢ᠃ ᠠᠵᠢᠯ ᠢᠶᠠᠨ ᠶᠠᠪᠤᠭᠳᠠᠭᠤᠯᠬᠤ ᠶᠢᠨ | ᠳᠠᠭᠠᠤ ᠳᠤ ᠳᠦᠭᠰᠢᠭᠦᠷᠢ ᠶᠢ ᠪᠠᠶᠢᠴᠠᠭᠠᠨ ᠬᠡᠷᠡᠭ ᠶᠠᠪᠤᠳᠠᠯ ᠢ ᠪᠠᠶᠢᠴᠠᠭᠠᠬᠤ ᠶᠢᠨ ᠬᠠᠮᠲᠦ ᠳᠥᠷᠢᠮ ᠳᠣᠭᠲᠠᠭᠠᠯ ᠢ | ᠪᠠᠶᠢᠭᠤᠯᠬᠤ ᠬᠡᠷᠡᠭᠲᠡᠢ᠃ ᠺᠠᠳ᠋ᠷ ᠣᠯᠠᠨ ᠲᠥᠮᠡᠨ ᠢ ᠳᠠᠶᠢᠴᠢᠯᠠᠨ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ | ᠰᠠᠭᠠᠳ ᠦᠭᠡᠢ ᠨᠡᠪᠲᠡᠷᠡᠭᠦᠯᠵᠤ ᠰᠢᠯᠢᠳᠡᠭ ᠰᠠᠶᠢᠨ ᠣᠷᠴᠢᠨ ᠠᠬᠤᠢ ᠶᠢ ᠡᠭᠦᠳᠦᠨ ᠲᠤᠰᠬᠠᠢ ᠴᠡᠭᠴᠡᠯᠡᠨ ᠵᠠᠰᠠᠬᠤ | ᠡᠯ᠎ᠡ ᠲᠠᠯ᠎ᠠ ᠶᠢᠨ ᠠᠵᠢᠯ ᠤᠨ ᠦᠨᠳᠦᠷ ᠪᠦᠲᠦᠮᠵᠢᠲᠠᠢ ᠪᠠᠷ ᠶᠠᠪᠤᠭᠳᠠᠬᠤ ᠶᠢ ᠯᠠᠪᠳᠠᠭᠤᠨ ᠢᠶᠠᠷ ᠠᠬᠢᠭᠤᠯᠵᠤ ᠣᠷᠣᠨ | ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠲᠤᠰᠬᠠᠢ ᠴᠡᠭᠴᠡᠯᠡᠨ ᠵᠠᠰᠠᠬᠤ ᠤᠳᠤᠷᠢᠳᠬᠤ ᠪᠠᠭ᠎ᠠ ᠳᠤᠭᠤᠶᠢᠯᠠᠩ ᠤᠨ ᠳᠡᠳ᠋ ᠳᠠᠷᠤᠭ᠎ᠠ ᠵᠣᠣ ᠹᠸᠢ ᠯᠦ᠂ | ᠰᠤᠷᠭᠠᠯᠲᠦ ᠵᠢᠴᠢ ᠪᠤᠰᠤᠳ ᠪᠦᠷᠢᠯᠳᠦᠭᠦᠨ ᠭᠡᠰᠢᠭᠦᠨ ᠪᠣᠯᠣᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ | ᠭᠡᠷ ᠪᠣᠯᠣᠨ ᠬᠢᠨᠠᠨ ᠬᠠᠷᠢᠭᠤᠴᠠᠬᠤ ᠠᠯᠪᠠᠨ ᠭᠡᠷ ᠤᠨ ᠡᠯ᠎ᠡ ᠲᠤᠰᠬᠠᠢ ᠲᠥᠷᠥᠯ ᠤᠨ ᠳᠤᠭᠤᠶᠢᠯᠠᠩ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |