3 ᠰᠠᠷ᠎ᠠ ᠶᠢᠨ 20 ᠤ ᠡᠳᠦᠷ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ | ᠬᠤᠷᠠᠯᠳᠤᠵᠤ ᠨᠢᠭᠡᠳᠦᠭᠡᠷ ᠤᠯᠠᠷᠢᠯ ᠤᠨ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ | ᠮᠡᠳᠡᠭᠳᠡᠵᠦ ᠡᠯ᠎ᠡ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ | ᠭᠢᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠭᠢᠯᠠᠭᠦ ᠶᠢᠨ ᠬᠠᠮᠳᠤ ᠶᠠᠷᠢᠶ᠎ᠠ | ᠲᠠᠯᠪᠢᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ | ᠨᠢᠭᠡᠳᠤᠭᠡᠷ ᠤᠯᠠᠷᠢᠯ ᠤᠨ ᠪᠥᠬᠦ ᠬᠤᠰᠢᠭᠤᠨ ᠤ ᠠᠶᠤᠯᠭᠦᠢ ᠥᠢᠯᠠᠳᠪᠤᠷᠢᠯᠠᠯ ᠤᠨ ᠪᠠᠶᠢᠳᠠᠯ ᠢ ᠮᠡᠳᠡᠭᠳᠡᠭᠰᠠᠨ ᠪᠥᠭᠡᠳ | ᠲᠠᠷᠠᠭᠠᠴᠢ ᠶᠢᠨ ᠠᠯᠬᠤᠮ ᠤᠨ ᠪᠥᠬᠦ ᠬᠤᠰᠢᠭᠤᠨ ᠤ ᠠᠶᠤᠯᠭᠦᠢ ᠦᠶᠯᠡᠳᠪᠦᠷᠢᠯᠡᠯ ᠤᠨ ᠠᠵᠢᠯ ᠳᠤ ᠲᠤᠭᠢᠷᠠᠭᠤᠯᠤᠯᠳᠠ | ᠭᠢᠪᠠ᠃ | ᠡᠷᠳᠡᠨᠢᠪᠢᠯᠢᠭ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠣᠳᠣᠬᠠᠨ ᠳᠤ ᠪᠥᠬᠦ ᠬᠤᠰᠢᠭᠤᠨ ᠤ ᠠᠶᠤᠯᠭᠦᠶ | ᠥᠢᠯᠠᠳᠪᠤᠷᠢᠯᠠᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠂ ᠭᠡᠪᠡᠴᠦ ᠠᠶᠤᠯᠭᠦᠶ ᠦᠶᠯᠡᠳᠪᠦᠷᠢᠯᠡᠯ ᠢ | ᠨᠥᠯᠥᠭᠡᠯᠡᠭᠦ ᠬᠦᠴᠦᠨ ᠵᠦᠶᠯ ᠮᠠᠰᠢ ᠣᠯᠠᠨ ᠪᠠᠶᠢᠭ᠎ᠠ ᠶᠤᠮ᠂ ᠢᠯᠠᠩᠭᠤᠶ᠎ᠠ ᠬᠢᠵᠢᠭ ᠤᠨ ᠨᠥᠯᠥᠭᠡ ᠠᠴᠠ ᠪᠣᠯᠵᠣ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠠᠭᠠᠨ ᠪᠤᠴᠠᠬᠤ᠂ ᠲᠥᠷᠥᠯ ᠵᠦᠶᠯ ᠤᠨ ᠠᠵᠢᠯ | ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠠᠴᠠ ᠪᠤᠯᠤᠭᠰᠠᠨ ᠵᠠᠮ ᠬᠠᠷᠢᠯᠴᠠᠭ᠎ᠠ᠂ ᠬᠢᠵᠢᠭ ᠢ ᠰᠡᠷᠭᠡᠶᠢᠯᠡᠬᠦ | ᠵᠡᠷᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠤᠯᠠᠮ ᠨᠡᠮᠡᠭᠳᠡᠵᠦ ᠪᠠᠶᠢᠨ᠎ᠠ᠃ ᠪᠦᠬᠦ ᠬᠤᠰᠢᠭᠤ | ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠠᠯᠳᠠ | ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ᠂ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ ᠠᠶᠤᠯᠭᠦᠢ | ᠦᠢᠯᠡᠳᠪᠦᠷᠢᠯᠡᠯ ᠤᠨ ᠠᠵᠢᠯ ᠢ ᠪᠤᠳᠠᠳᠠᠢ ᠠᠳᠬᠤᠨ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ ᠪᠥᠭᠦ | ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠳᠤᠯᠠᠬᠤ ᠬᠡᠷᠡᠭᠲᠡᠢ ᠭᠡᠵᠡᠢ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠠᠵᠤ | ᠠᠬᠤᠶᠢᠯᠠᠯ᠂ ᠪᠠᠶᠢᠭᠤᠯᠭ᠎ᠠ ᠨᠢᠭᠡᠴᠢ ᠡᠷᠬᠡᠪᠰᠢ ᠠᠶᠤᠯᠬᠦᠢ ᠦᠶᠯᠡᠳᠪᠦᠷᠢᠯᠡᠯ ᠤᠨ ᠠᠵᠢᠯ ᠢ ᠴᠢᠩᠭ᠎ᠠ ᠠᠳᠬᠤᠵᠤ | ᠠᠶᠤᠯᠭᠦᠢ ᠬᠥᠭᠵᠢᠯᠲᠡ ᠶᠢᠨ ᠣᠨᠣᠯᠵᠢᠭᠤᠨ ᠢ ᠥᠢᠯᠠᠳᠪᠤᠷᠢᠯᠠᠯ ᠤᠨ ᠪᠥᠬᠦ ᠶᠠᠪᠤᠴᠠ᠂ ᠡᠯ᠎ᠡ ᠭᠤᠭᠴᠤᠭ᠎ᠠ ᠳᠤ | ᠲᠤᠭᠤᠰᠢᠯᠠᠭᠤᠯᠤᠨ ᠠᠶᠤᠯᠭᠦᠶ ᠦᠶᠯᠡᠳᠪᠦᠷᠢᠯᠡᠯ ᠤᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ︽ | ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ | ᠡᠭᠦᠷᠭᠡᠯᠡᠭᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ | ᠨᠡᠭᠡᠮᠵᠢᠯᠠᠭᠦ︾ ᠱᠠᠭᠠᠷᠳᠠᠯᠭ᠎ᠠ ᠶᠣᠰᠣᠭᠠᠷ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ | ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠠᠶᠤᠯᠭᠦᠶ ᠦᠶᠯᠡᠳᠪᠦᠷᠢᠯᠡᠯ ᠤᠨ | ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠠᠳᠡᠯ ᠬᠢᠯᠪᠠᠷᠬᠠᠨ ᠣᠯᠠᠨ ᠡᠭᠦᠰᠬᠦ | ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠳᠠᠯᠳᠠ ᠭᠡᠮ ᠢ | ᠪᠠᠶᠢᠴᠠᠭᠠᠨ ᠴᠡᠭᠴᠡᠯᠠᠵᠤ ᠠᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ ᠠᠶᠤᠯᠬᠦᠢ ᠦᠶᠯᠡᠳᠪᠦᠷᠢᠯᠡᠯ ᠤᠨ ᠶᠡᠷᠦᠩᠬᠡᠶ | ᠴᠢᠳᠠᠪᠤᠷᠢ ᠶᠢ ᠲᠡᠭᠡᠭᠰᠢᠯᠠᠭᠦᠯᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠤᠰᠬᠠᠶ ᠲᠥᠷᠤᠯ ᠤᠨ ᠲᠥᠰᠦᠯ | ᠲᠣᠭᠲᠠᠭᠠᠬᠤ ᠬᠡᠷᠡᠭᠲᠡᠶ᠃ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ ᠠᠶᠤᠯᠬᠦᠢ ᠦᠶᠯᠡᠳᠪᠦᠷᠢᠯᠡᠯ | ᠤᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ ᠣᠯᠠᠨ ᠨᠡᠶᠢᠲᠡ ᠶᠢᠨ ᠠᠮᠤᠷ ᠲᠥᠪᠰᠢᠨ ᠤ | ᠮᠡᠳᠡᠯᠭᠡ ᠬᠥᠮᠦᠵᠢᠯ ᠤᠨ ᠡᠷᠴᠢᠮ ᠢ ᠨᠡᠮᠡᠭᠳᠡᠭᠦᠯᠵᠦ ᠣᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠪᠣᠯᠤᠨ | ᠠᠶᠤᠯ ᠠᠴᠠ ᠵᠠᠶᠢᠯᠠᠵᠤ ᠭᠠᠮᠰᠢᠭ ᠢ ᠪᠠᠭᠠᠰᠬᠠᠬᠤ ᠮᠡᠷᠭᠡᠵᠢᠯ ᠤᠨ ᠴᠢᠳᠠᠪᠤᠷᠢ ᠶᠢ ᠲᠡᠭᠡᠭᠰᠢᠯᠠᠭᠦᠯᠤᠨ ︽ᠬᠥᠮᠦᠨ ᠪᠦᠬᠦᠨ | ᠠᠮᠤᠷ ᠲᠦᠪᠰᠢᠨ ᠢ ᠠᠩᠬᠠᠷᠴᠤ ᠬᠥᠮᠦᠨ ᠪᠦᠬᠦᠨ ᠠᠮᠢ ᠨᠠᠰᠤ ᠶᠢ ᠴᠢᠬᠤᠯᠠᠴᠢᠯᠠᠬᠤ︾ ᠨᠡᠶᠢᠭᠡᠮ ᠤᠨ ᠣᠷᠴᠢᠨ ᠢ ᠪᠣᠶ | ᠪᠣᠯᠭᠠᠬᠤ ᠬᠡᠷᠡᠭᠲᠡᠶ ᠭᠡᠵᠡᠢ᠃ | ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠬᠤᠰᠢᠭᠤ ᠲᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠳᠡᠳ᠋ ᠳᠠᠷᠤᠭ᠎ᠠ ᠲᠤᠳᠤᠭᠠᠳᠤ ᠶᠢ ᠬᠠᠮᠠᠭᠠᠯᠠᠬᠤ | ᠲᠤᠪᠴᠢᠶᠠᠨ ᠤ ᠲᠠᠷᠤᠭ᠎ᠠ ᠭᠤᠤ ᠬᠤ᠋᠂ ᠬᠤᠰᠢᠭᠤ ᠲᠡᠳ᠋ ᠲᠠᠷᠤᠭ᠎ᠠ ᠪᠠᠶᠠᠨᠴᠡᠩᠭᠡᠯ᠂ ᠰᠤᠪᠤᠷᠭ᠎ᠠ ᠠᠵᠤ ᠠᠬᠤᠢ ᠶᠢᠨ | ᠨᠡᠭᠡᠭᠡᠯᠳᠠ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠳ᠋ᠧᠦ ᡁᠢ ᠴᠢᠶᠠᠩ ᠪᠤᠯᠤᠨ | ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠰᠤᠮᠤ | ᠪᠠᠯᠭᠠᠰᠤ᠂ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | |