ᠬᠠᠩᠰᠢ ᠶᠢᠨ ᠡᠳᠦᠷ ᠢ ᠪᠣᠯᠪᠠᠰᠤᠨ ᠢᠶᠠᠷ ᠦᠩᠭᠡᠷᠡᠭᠡᠬᠦ ᠶᠢ ᠰᠠᠨᠠᠭᠠᠴᠢᠯᠠᠵᠤ ᠨᠡᠶᠢᠭᠡᠮ ᠤᠨ ᠰᠢᠨ᠎ᠡ ᠬᠡᠪ ᠰᠤᠷᠲᠠᠯ ᠢ ᠪᠤᠢ ᠪᠣᠯᠭᠠᠶ᠎ᠠ
ᠨᠡᠶᠢᠲᠡᠯᠡᠭᠰᠡᠨ ᠴᠠᠭ᠄
2020/3/23
ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠡ᠄      ᠬᠠᠩᠰᠢ ᠶᠢᠨ ᠡᠳᠦᠷ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠳᠤᠷᠠᠰᠬᠠᠯ ᠤᠨ ᠡᠳᠦᠷ ᠪᠣᠯᠬᠤ ᠪᠥᠭᠡᠳ ᠪᠠᠰᠠ ᠴᠤ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂  ᠳᠠᠶᠢᠯᠭ᠎ᠠ ᠬᠢᠬᠦ᠂ ᠬᠤᠪᠢᠰᠬᠠᠯ ᠤᠨ ᠤᠳᠤᠮᠰᠢᠯ ᠢᠶᠠᠨ ᠤᠯᠠᠮᠵᠢᠯᠠᠨ ᠵᠠᠯᠭᠠᠮᠵᠢᠯᠠᠬᠤ ᠴᠢᠬᠤᠯᠠ ᠴᠠᠭ ᠦᠶ᠎ᠡ ᠪᠣᠯᠤᠨ᠎ᠠ᠂ ᠡᠨᠡ ᠵᠢᠯ ᠤᠨ ᠬᠠᠩᠰᠢ ᠶᠢᠨ ᠡᠳᠦᠷ ᠨᠢ ᠨᠠᠩ ᠴᠤ ᠰᠢᠨ᠎ᠡ ᠬᠡᠯᠪᠡᠷᠢ ᠶᠢᠨ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠠᠮᠲᠤ ᠪᠠᠷ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠲᠤᠯᠠᠵᠤ ᠬᠤᠷᠠᠨ ᠴᠤᠭᠯᠠᠷᠠᠵᠤ ᠬᠠᠷᠢᠯᠴᠠᠨ ᠬᠠᠯᠳᠠᠪᠤᠷᠢᠯᠠᠬᠤ ᠠᠴᠠ ᠵᠶᠢᠯᠠᠰᠬᠢᠬᠤ ᠶᠢᠨ ᠳᠣᠰᠠᠳᠠ ᠪᠣᠯᠪᠠᠰᠤᠨ᠂ ᠪᠣᠬᠢᠷᠲᠤᠯ ᠦᠭᠡᠢ᠂ ᠠᠷᠪᠢᠴᠢ ᠭᠠᠮᠲᠠᠶ᠂ ᠠᠮᠤᠷ ᠲᠦᠪᠰᠢᠨ ᠣᠳᠣ ᠦᠶ᠎ᠡ ᠶᠢᠨ ᠰᠢᠨ᠎ᠡ ᠬᠡᠪ ᠰᠤᠷᠲᠠᠯ ᠢ ᠰᠠᠨᠠᠭᠠᠴᠢᠯᠠᠵᠤ᠂ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠳᠣᠤᠷᠠᠬᠢ ᠮᠡᠲᠦ ᠤᠷᠢᠶᠠᠯᠠᠭ᠎ᠠ ᠭᠠᠷᠭᠠᠵᠤ ᠪᠠᠶᠢᠨ᠎ᠠ᠄    ᠨᠢᠭᠡ᠂ ᠪᠣᠯᠪᠠᠰᠤᠨ ᠢᠶᠠᠷ ᠳᠠᠶᠢᠯᠭ᠎ᠠ ᠬᠢᠬᠦ ᠶᠢ ᠰᠤᠷᠲᠠᠯᠴᠢᠯᠠᠶ᠎ᠠ᠃ ᠰᠦᠯᠵᠢᠶᠡᠨ ᠳᠡᠭᠡᠷᠡᠬᠢ  ᠳᠠᠶᠢᠯᠭ᠎ᠠ᠂ ᠴᠡᠴᠡᠭ ᠬᠥᠷᠭᠡᠬᠦ ᠳᠠᠶᠢᠯᠭ᠎ᠠ᠂ ᠡᠨᠡᠷᠢᠯ ᠬᠠᠶᠢᠷ᠎ᠠ ᠶᠢ ᠳᠤᠷᠠᠰᠤᠨ ᠰᠠᠨᠠᠭᠠᠯᠵᠠᠬᠤ᠂ ᠭᠡᠷ ᠪᠦᠯᠢ ᠶᠢᠨ ᠬᠡᠰᠢᠭᠦᠳ ᠲᠤᠰ ᠲᠤᠰ ᠲᠠᠭᠠᠨ ᠮᠦᠷᠦᠭᠡᠳᠬᠦ ᠵᠡᠷᠭᠡ ᠠᠷᠭ᠎ᠠ ᠬᠡᠯᠪᠡᠷᠢ ᠪᠠᠷ ᠮᠥᠷᠥᠭᠡᠳᠥᠯ ᠤᠨ ᠰᠡᠳᠭᠢᠯᠭᠡ ᠪᠠᠨ ᠢᠯᠡᠳᠬᠡᠵᠦ᠂ ᠲᠤᠬᠠᠶ ᠶᠢᠨ ᠲᠠᠯᠠᠪᠤᠷ ᠤᠨ ᠳᠠᠶᠢᠯᠭ᠎ᠠ ᠶᠢᠨ ᠠᠵᠢᠯᠯᠠᠭ᠎ᠠ ᠶᠢ ᠪᠠᠭᠠᠰᠬᠠᠨ᠎ᠠ᠃ ᠵᠠᠮ᠂ ᠠᠭᠤᠳᠠᠮ ᠲᠠᠯᠠᠪᠠᠶ᠂ ᠴᠡᠴᠡᠷᠯᠢᠭ᠂ ᠵᠥᠯᠭᠡᠲᠤ ᠭᠠᠵᠠᠷ᠂ ᠰᠠᠭᠤᠭᠠᠯᠢ ᠠᠷᠠᠳ ᠤᠨ ᠲᠣᠭᠤᠷᠢᠭ ᠵᠡᠷᠭᠡ ᠣᠯᠠᠨ ᠨᠡᠶᠢᠲᠡ ᠶᠢᠨ ᠲᠠᠯᠠᠪᠤᠷ ᠪᠠ ᠣᠩᠭᠤᠨ ᠤ ᠬᠦᠷᠢᠶᠡᠯᠡᠩ ᠳᠤ ᠴᠠᠭᠠᠰᠤᠨ ᠵᠣᠭᠤᠰ ᠰᠢᠲᠠᠭᠠᠵᠤ ᠣᠷᠴᠢᠨ ᠲᠣᠭᠤᠷᠢᠨ ᠢ ᠪᠣᠬᠢᠷᠲᠤᠭᠤᠯᠬᠤ ᠶᠢ ᠲᠡᠪᠴᠢᠶ᠎ᠡ᠃ ᠣᠷᠣᠰᠢᠭᠤᠯᠭ᠎ᠠ ᠶᠢᠨ ᠣᠶᠢᠯᠡᠴᠢᠯᠡᠬᠡᠨ ᠤ ᠪᠠᠶᠢᠭᠤᠯᠤᠮᠵᠢ ᠤᠳ ᠤᠩᠭᠤᠨ ᠴᠡᠪᠡᠷᠯᠡᠬᠦ ᠳᠤ ᠣᠷᠣᠵᠤ ᠭᠠᠷᠬᠤ ᠬᠦᠮᠦᠨ ᠤ ᠲᠤᠭ᠎ᠠ ᠶᠢ ᠴᠢᠩᠭ᠎ᠠ ᠬᠢᠵᠠᠭᠠᠷᠯᠠᠵᠤ᠂ ᠤᠷᠢᠳᠴᠢᠯᠠᠨ ᠪᠣᠯᠵᠣᠬᠤ ᠤᠲᠠᠰᠤ ᠶᠢ ᠨᠡᠶᠢᠲᠡᠯᠡᠬᠦ᠂ ᠤᠷᠢᠳᠴᠢᠯᠠᠨ ᠪᠣᠯᠵᠣᠬᠤ ᠣᠶᠢᠯᠴᠢᠯᠡᠭᠡ ᠶᠢ ᠭᠠᠷᠭᠠᠬᠤ᠂ ᠬᠤᠭᠤᠴᠠᠭ᠎ᠠ ᠪᠦᠯᠦᠭ ᠬᠤᠪᠢᠶᠠᠨ ᠤᠯᠠᠨ ᠬᠥᠮᠥᠨ ᠴᠤᠭᠯᠠᠷᠠᠬᠤ ᠠᠴᠠ ᠵᠶᠢᠯᠠᠰᠬᠢᠬᠤ ᠵᠡᠷᠭᠡ ᠣᠯᠠᠨ ᠵᠣᠶᠢᠯ ᠤᠨ ᠠᠷᠭ᠎ᠠ ᠠᠪᠴᠢᠯ ᠢᠶᠠᠷ  ᠬᠤᠷᠠᠨ ᠴᠣᠭᠯᠠᠬᠤ ᠶᠢ ᠰᠠᠶᠢᠲᠤᠷ ᠬᠠᠮᠢᠶᠠᠷᠣᠨ ᠡᠵᠡᠮᠳᠡᠶ᠎ᠡ᠃     ᠬᠤᠶᠠᠷ᠂ ᠪᠣᠬᠢᠷᠲᠤᠯ ᠦᠭᠡᠢ ᠳᠠᠶᠢᠯᠭ᠎ᠠ ᠶᠢ ᠰᠤᠷᠲᠠᠯᠴᠢᠯᠠᠶ᠎ᠠ᠃ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ ︽2020 ᠣᠨ ᠤ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠶᠢᠬᠤ︾ ᠲᠤᠰᠬᠠᠶ ᠪᠤᠯᠤᠩ ︵http://www.wsq. gov. cn︶ ᠪᠠ ᠳᠤᠮᠳᠠᠳᠤ ᠶᠢᠨ ᠦᠷᠡᠭᠳᠡᠭᠰᠡᠨ ᠪᠠᠭᠠᠲᠤᠷᠴᠤᠳ ᠤᠨ ᠰᠦᠯᠵᠢᠶᠡᠨ ︵http://chinamartyrs.gov.cn︶ ᠳᠡᠭᠡᠷ᠎ᠡ ᠦᠷᠡᠭᠳᠡᠭᠰᠡᠨ ᠪᠠᠭᠠᠲᠤᠷᠴᠤᠳ ᠲᠤ ᠴᠡᠴᠡᠭ ᠬᠦᠷᠭᠡᠬᠦ᠂ ᠵᠤᠯᠠ ᠠᠰᠠᠭᠠᠬᠤ᠂ ᠮᠥᠷᠭᠦᠬᠦ᠂ ᠮᠥᠷᠥᠭᠡᠳᠥᠯ ᠤᠨ ᠦᠭᠡ ᠢᠯᠡᠭᠡᠬᠦ ᠵᠡᠷᠭᠡ ᠠᠷᠭ᠎ᠠ ᠬᠡᠯᠪᠡᠷᠢ ᠪᠠᠷ ︽ᠭᠡᠷ ᠠᠴᠠ ᠪᠠᠨ ᠭᠠᠷᠬᠤ ᠦᠭᠡᠢ︾ ᠪᠠᠷ ᠬᠦᠨᠳᠦᠳᠭᠡᠯ ᠪᠢᠰᠢᠷᠡᠯ ᠢᠶᠠᠨ ᠳᠡᠪᠰᠢᠭᠦᠯᠬᠦ ᠠᠵᠢᠯᠯᠠᠭ᠎ᠠ ᠪᠠᠨ ᠶᠠᠪᠤᠭᠳᠠᠭᠤᠯᠤᠨ᠎ᠠ᠃ ᠨᠠᠰᠤᠨ ᠳᠤ ᠦᠯᠦ ᠬᠦᠷᠦᠭᠰᠡᠳ ᠢ ᠵᠢᠯᠣᠭᠤᠳᠣᠨ ᠬᠦᠮᠦᠵᠢᠭᠦᠯᠵᠤ ᠰᠦᠯᠵᠢᠶᠡᠨ ᠤ ᠳᠠᠶᠢᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ ᠰᠢᠯᠦᠭ ᠵᠣᠬᠢᠶᠠᠯ᠂ ᠤᠷᠠᠨ ᠪᠢᠴᠢᠯᠭᠡ᠂ ᠤᠷᠠᠨ ᠵᠢᠷᠤᠭ᠂ ᠭᠠᠷ ᠪᠦᠲᠦᠭᠡᠯ᠂ ᠳᠦᠷᠰᠦ ᠰᠢᠩᠭᠡᠭᠡᠯᠲᠡ ᠪᠠᠷ ᠬᠤᠪᠢᠰᠬᠠᠯᠲᠤ ᠤᠳᠤᠮᠰᠢᠯ ᠢ ᠵᠠᠯᠭᠠᠮᠵᠢᠯᠠᠨ᠂ ᠡᠬᠡ ᠣᠷᠣᠨᠴᠢ ᠬᠠᠶᠢᠷ᠎ᠠ ᠰᠡᠳᠬᠢᠯᠭᠡ ᠶᠢ ᠵᠤᠵᠠᠭᠠᠳᠬᠠᠨ᠎ᠠ᠃ ᠬᠢᠵᠢᠭ ᠤᠨ ᠬᠤᠭᠤᠴᠠᠭᠠᠨ ᠳᠤ ᠨᠡᠶᠢᠲᠡ ᠶᠢᠨ ᠲᠠᠬᠢᠯᠭ᠎ᠠ᠂ ᠴᠢᠨᠳᠠᠷ ᠠᠴᠠ ᠠᠶᠠᠷᠯᠠᠬᠤ ᠬᠠᠮᠲᠤ ᠶᠢᠨ ᠠᠵᠢᠯᠯᠠᠭ᠎ᠠ᠂ ᠴᠢᠨᠳᠠᠷ ᠢ ᠲᠥᠪᠯᠡᠷᠡᠭᠦᠯᠦᠨ ᠲᠠᠯᠪᠢᠬᠤ ᠵᠡᠷᠭᠡ ᠤᠯᠠᠨ  ᠨᠠᠶᠢᠳᠠᠴᠢ ᠴᠢᠨᠠᠷᠲᠠᠶ ᠬᠤᠷᠠᠨ ᠴᠤᠭᠯᠠᠷᠠᠯᠲᠠ ᠶᠢᠨ ᠠᠵᠢᠯᠯᠠᠭ᠎ᠠ ᠶᠢ ᠲᠦᠷ ᠵᠣᠭᠰᠣᠭᠠᠨ᠎ᠠ᠃ ᠨᠡᠶᠢᠲᠡ ᠶᠢᠨ ᠣᠩᠭᠤᠨ ᠳᠤ ᠣᠷᠣᠰᠢᠭᠤᠯᠬᠤ ᠶᠢ ᠰᠠᠨᠠᠭᠠᠴᠢᠯᠠᠨ ᠬᠡᠷᠡᠭᠵᠢᠭᠦᠯᠵᠦ᠂ ᠴᠢᠨᠳᠠᠷ ᠢ ᠬᠠᠳᠠᠭᠠᠯᠠᠬᠤ᠂ ᠡᠪᠡᠰᠦ ᠮᠤᠳᠤ ᠴᠡᠴᠡᠭ ᠲᠠᠷᠢᠵᠤ ᠤᠩᠭᠤᠯᠠᠬᠤ ᠵᠡᠷᠭᠡ ᠠᠮᠢ ᠠᠬᠤᠢ ᠳᠤ ᠬᠥᠨᠥᠭᠡᠯ ᠦᠭᠡᠢ ᠠᠵᠢᠯᠯᠠᠭ᠎ᠠ ᠶᠢ ᠢᠳᠡᠪᠬᠢᠲᠡᠢ ᠰᠦᠪᠡᠭᠴᠢᠯᠡᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠨ ᠣᠷᠴᠢᠨ ᠲᠣᠭᠤᠷᠢᠨ ᠢ ᠡᠪᠳᠡᠬᠦ ᠦᠭᠡᠢ᠂ ᠪᠤᠰᠤᠳ ᠤᠨ ᠠᠮᠢᠳᠤᠷᠠᠯ ᠢ ᠨᠥᠯᠥᠭᠡᠯᠡᠬᠦ ᠦᠭᠡᠢ᠂ ᠬᠤᠲᠠ ᠬᠥᠳᠡᠭᠡ ᠶᠢᠨ ᠠᠷᠢᠭᠤᠨ ᠴᠡᠪᠡᠷ ᠣᠷᠴᠢᠨ ᠲᠣᠭᠤᠷᠢᠨ ᠢ ᠬᠠᠮᠠᠭᠠᠯᠠᠶ᠎ᠠ᠃       ᠭᠤᠷᠪᠠ᠂ ᠠᠷᠪᠢᠴᠢ ᠭᠠᠮᠲᠠᠶ ᠪᠠᠷ ᠳᠠᠶᠢᠬᠤ ᠶᠢ ᠰᠤᠷᠲᠠᠯᠴᠢᠯᠠᠶ᠎ᠠ᠃ ︽ᠠᠮᠢᠳᠤ ᠪᠠᠶᠢᠬᠤ ᠳᠠᠭᠠᠨ ᠠᠴᠢᠯᠠᠯ ᠢ ᠭᠦᠢᠴᠡᠳᠭᠡᠬᠦ︾ ᠦᠵᠡᠯᠲᠡ ᠶᠢ ᠴᠢᠬᠤᠯᠠᠴᠢᠯᠠᠵᠤ᠂ ᠠᠬᠠᠮᠠᠳ ᠦᠶ᠎ᠡ ᠲᠦᠷᠦᠯ ᠰᠠᠳᠤᠨ ᠢᠶᠠᠨ ᠬᠠᠶᠢᠷᠠᠯᠠᠨ ᠬᠠᠯᠠᠮᠵᠢᠯᠠᠵᠤ᠂ ᠥᠲᠡᠯᠪᠡᠯ ᠠᠰᠠᠷᠠᠮᠵᠢ ᠲᠠᠢ᠂ ᠭᠥᠭᠰᠢᠷᠡᠪᠡᠯ ᠵᠢᠷᠭᠠᠯᠲᠠᠢ ᠪᠠᠶᠢᠯᠭᠠᠶ᠎ᠠ᠃ ᠰᠠᠳᠤᠨ ᠲᠥᠷᠥᠯ ᠨᠢ ᠨᠠᠰᠤ ᠨᠥᠭᠴᠢᠭᠰᠡᠨ ᠤ ᠳᠠᠷᠠᠭ᠎ᠠ ᠶᠡᠭᠡ ᠪᠠᠷ ᠤᠷᠤᠰᠢᠭᠤᠯᠭ᠎ᠠ ᠬᠢᠬᠦ ᠥᠬᠡᠶ᠂ ᠬᠠᠷᠢᠯᠴᠠᠨ ᠠᠳᠠᠯᠢᠳᠬᠠᠬᠤ ᠥᠬᠡᠶ᠂ ᠠᠷᠪᠢᠴᠢ ᠭᠠᠮᠲᠠᠶ ᠪᠡᠯᠪᠡᠰᠦᠷᠡᠯ ᠢ ᠭᠦᠢᠴᠡᠳᠬᠡᠶ᠎ᠡ᠃ ᠳᠥᠷᠪᠡ᠂ ᠠᠮᠤᠷ ᠲᠦᠪᠰᠢᠨ ᠢᠶᠠᠷ ᠳᠠᠶᠢᠬᠤ ᠶᠢ ᠰᠤᠷᠲᠠᠯᠴᠢᠯᠠᠶ᠎ᠠ᠃ ᠪᠡᠶ᠎ᠡ ᠪᠠᠨ ᠪᠠᠷᠢᠬᠤ ᠶᠠᠪᠤᠳᠠᠯ ᠢ ᠴᠢᠩᠭᠠᠳᠬᠠᠵᠤ ᠤᠩᠭᠤᠨ ᠤ ᠭᠠᠵᠠᠷ᠂ ᠣᠶᠢᠳᠣ ᠤᠷᠤᠨ᠂ ᠲᠠᠯ᠎ᠠ ᠨᠤᠲᠤᠭ ᠡᠪᠡᠰᠣ ᠪᠡᠯᠴᠢᠭᠡᠷ ᠵᠡᠷᠭᠡ ᠠᠮᠠᠷᠬᠠᠨ ᠭᠠᠯ ᠤᠨ ᠠᠶᠤᠯ ᠡᠭᠦᠰᠬᠦ ᠲᠠᠯᠠᠪᠤᠷ ᠲᠤ ᠲᠠᠮᠠᠬᠢ ᠲᠠᠲᠠᠬᠤ᠂ ᠴᠠᠭᠠᠰᠤ ᠰᠢᠲᠠᠭᠠᠬᠤ᠂ ᠫᠤᠤᠵᠢᠩ ᠲᠠᠯᠪᠢᠬᠤ ᠶᠢ ᠳᠡᠪᠴᠢᠨ᠎ᠡ᠂ ᠭᠠᠯ ᠤᠨ ᠴᠤᠭ ᠪᠠ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠠᠪᠴᠤ ᠡᠪᠡᠰᠦ ᠮᠤᠳᠤ ᠲᠠᠢ ᠭᠠᠵᠠᠷ ᠲᠤ ᠣᠷᠣᠬᠤ ᠦᠭᠡᠢ᠂ ᠳᠠᠶᠢᠯᠭ᠎ᠠ  ᠠᠴᠠ ᠪᠣᠯᠵᠤ ᠭᠠᠯ ᠤᠨ ᠠᠶᠤᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ ᠬᠤᠲᠠ᠂ ᠮᠤᠵᠢ ᠵᠢᠴᠢ ᠬᠢᠯᠢ ᠶᠢᠨ ᠭᠠᠳᠠᠨᠠᠬᠢ ᠲᠥᠷᠥᠯ ᠰᠠᠳᠤᠨ ᠨᠠᠶᠢᠵᠠ ᠨᠥᠬᠦᠳ ᠲᠡᠭᠡᠨ ᠲᠦᠷ ᠴᠠᠭ ᠨᠤᠲᠤᠭ ᠲᠠᠭᠠᠨ ᠬᠠᠷᠢᠵᠤ ᠳᠠᠶᠢᠯᠭ᠎ᠠ ᠬᠢᠵᠦ ᠪᠣᠯᠬᠤ ᠦᠭᠡᠢ ᠭᠡᠰᠡᠨ ᠢ ᠴᠠᠭ ᠲᠤᠬᠠᠢ ᠳᠤᠨᠢ ᠮᠡᠳᠡᠭᠳᠡᠵᠦ ᠬᠤᠷᠠᠨ ᠴᠤᠭᠯᠠᠷᠠᠵᠤ ᠤᠩᠭᠤᠨ ᠴᠡᠪᠡᠷᠯᠡᠭᠡ ᠬᠢᠬᠦ ᠶᠠᠪᠤᠴᠠ ᠳᠤ ᠬᠠᠷᠢᠯᠴᠠᠨ ᠬᠠᠯᠳᠠᠪᠤᠷᠢᠯᠠᠬᠤ ᠠᠴᠠ ᠵᠶᠢᠯᠠᠰᠬᠢᠬᠤ ᠬᠡᠷᠡᠭᠲᠡᠶ᠃     ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠡ᠂ ᠪᠢᠳᠡ ᠪᠥᠬᠦᠨ ᠢᠳᠡᠪᠬᠢᠲᠡᠶ ᠬᠥᠳᠡᠯᠥᠯᠴᠡᠨ ᠵᠢᠵᠢᠭ ᠰᠠᠵᠢᠭ ᠶᠠᠪᠦᠳᠠᠯ ᠠᠴᠠ ᠭᠠᠷᠳᠠᠵᠤ ᠂ ᠬᠠᠭᠤᠴᠢᠨ ᠵᠤᠷᠰᠢᠯ ᠢ ᠥᠭᠡᠷᠡᠴᠢᠯᠡᠨ᠂ ᠰᠢᠨ᠎ᠡ ᠰᠤᠷᠲᠠᠯ ᠢ ᠰᠠᠨᠠᠭᠠᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ ᠶᠡᠷᠦᠩᠬᠡᠶ  ᠳᠠᠶᠢᠯᠠᠯᠳᠣᠭᠠᠨ᠂ ᠬᠤᠷᠢᠭᠯᠠᠯᠳᠠ ᠶᠢᠨ ᠳᠠᠶᠢᠯᠳᠣᠭᠠᠨ ᠢ ᠬᠠᠮᠲᠤ ᠪᠠᠷ ᠰᠠᠶᠢᠲᠤᠷ ᠬᠢᠵᠦ ᠪᠣᠯᠪᠠᠰᠤᠨ᠂ ᠠᠷᠪᠢᠴᠢ ᠭᠠᠮᠲᠠᠶ᠂ ᠠᠮᠤᠷ ᠲᠦᠪᠰᠢᠨ ᠬᠠᠩᠰᠢ ᠶᠢᠨ ᠡᠳᠦᠷ ᠢ ᠬᠠᠮᠲᠤ ᠪᠠᠷ ᠥᠩᠭᠡᠷᠡᠭᠦᠯᠦᠶ᠎ᠡ᠃            ᠦᠤᠰᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ         ᠦᠤᠰᠢᠨ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠺᠤᠮᠢᠰ ᠤᠨ ᠠᠯᠪᠠᠨ ᠭᠡᠷ         ᠡᠪ ᠬᠠᠮᠲᠤ ᠵᠠᠯᠠᠭᠤᠴᠤᠳ ᠤᠨ ᠡᠪᠯᠡᠯ ᠤᠨ ᠦᠤᠰᠢᠨ ᠬᠤᠰᠢᠭᠤᠨ ᠤ ᠬᠤᠷᠢᠶ᠎ᠠ         ᠦᠤᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ         ᠦᠤᠰᠢᠨ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ         ᠦᠤᠰᠢᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ                           2020 ᠣᠨ ᠤ 3 ᠰᠠᠷ᠎ᠠ ᠶᠢᠨ 23 ᠤ ᠡᠳᠦᠷ
ᠢᠷᠡᠯᠲᠡ᠄ ᠦᠣᠰᠢᠨ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠣᠳᠠᠯ ᠤᠨ ᠳᠣᠪᠴᠢᠶ᠎ᠠ