ᠰᠣᠪᠣᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ
ᠨᠡᠶᠢᠲᠡᠯᠡᠭᠰᠡᠨ ᠴᠠᠭ᠄
2020/3/23
      ᠰᠣᠪᠣᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠣᠯ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠠᠴᠠ ᠵᠦᠪᠰᠢᠶᠡᠷᠡᠵᠦ ᠪᠠᠶᠢᠭᠤᠯᠣᠭᠰᠠᠨ ᠵᠢᠩᠬᠢᠨᠢ ᠭᠠᠵᠠᠷ ᠤᠨ ᠲᠠᠰ ᠤᠨ ᠪᠠᠶᠢᠭᠤᠯᠤᠮᠵᠢ᠂ ᠮᠤᠵᠢ ᠶᠢᠨ ᠲᠡᠰ ᠤᠨ ᠨᠡᠭᠡᠭᠡᠯᠲᠡ ᠶᠢᠨ ᠲᠣᠭᠤᠷᠢᠭ ᠪᠠᠶᠢᠵᠤ ᠦᠪᠦᠷ ᠮᠤᠩᠭᠤᠯ ᠤᠨ ᠣᠷᠳᠣᠰ ᠬᠤᠲᠠ ᠶᠢᠨ ᠦᠦᠰᠢᠨ ᠬᠤᠰᠢᠭᠤᠨ ᠳᠤ ᠪᠠᠶᠢᠷᠢᠰᠢᠳᠠᠭ᠃ ᠨᠡᠭᠡᠭᠡᠯᠲᠡ ᠶᠢᠨ ᠲᠣᠭᠤᠷᠢᠭ ᠢ 1999 ᠣᠨ ᠠᠴᠠ ᠪᠠᠶᠢᠭᠤᠯᠤᠯᠲᠠ ᠶᠢᠨ ᠪᠡᠯᠡᠳᠬᠡᠯ ᠠᠵᠢᠯ ᠪᠠᠨ ᠡᠬᠢᠯᠡᠬᠦᠯᠵᠦ 2001 ᠣᠨ ᠳᠤ ᠵᠢᠩᠬᠢᠨᠢ ᠪᠠᠶᠢᠭᠤᠯᠣᠭᠳᠠᠪᠠ ︵ᠳᠡᠳ᠋ ᠭᠠᠵᠠᠷ ᠤᠨ ᠲᠠᠰ ᠤᠨ ᠪᠠᠶᠢᠭᠤᠯᠤᠮᠵᠢ︶᠃ 2009 ᠣᠨ ᠳᠤ ᠵᠢᠩᠬᠢᠨᠢ ᠭᠠᠵᠠᠷ ᠤᠨ ᠲᠠᠰ ᠤᠨ ᠪᠠᠶᠢᠭᠤᠯᠤᠮᠵᠢ ᠪᠠᠷ ᠲᠡᠪᠰᠢᠵᠦ 2012 ᠣᠨ ᠳᠤ ᠪᠦᠬᠦ ᠬᠤᠲᠠ ᠶᠢᠨ 18 ᠭᠤᠣᠯᠳᠠᠯᠭᠠᠲᠣ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠵᠢᠭᠰᠠᠭᠠᠭᠳᠠᠨ 2014 ᠣᠨ ᠳᠤ ᠦᠪᠡᠷᠳᠡᠭᠡᠨ ᠵᠠᠰᠠᠬᠤ ᠣᠷᠣᠨ ᠤ ︽ᠵᠠᠭᠤᠨ ᠳ᠋ᠦᠩᠰᠢᠭᠤᠷ ᠲᠦᠬᠦᠷᠢᠭ ᠤᠨ ᠬᠦᠷᠢᠶᠡᠯᠡᠩ ᠲᠣᠭᠤᠷᠢᠭ︾  ᠤᠨ ᠡᠩᠨᠡᠭᠡᠨ ᠳᠤ ᠵᠢᠭᠰᠠᠭᠠᠭᠳᠠᠪᠠ᠃ ᠶᠡᠷᠦᠩᠬᠡᠢ ᠲᠥᠯᠥᠪᠵᠢᠭᠦᠯᠭᠡ ᠶᠢᠨ ᠲᠠᠯᠠᠪᠡᠢ ᠨᠢ 86.9 ᠲᠡᠭᠰᠢ ᠲᠦᠷᠪᠡᠯᠵᠢᠨ ᠺᠢᠯᠦᠮᠧᠲᠷ᠂ ᠪᠦᠳᠦᠭᠡᠨ ᠪᠠᠶᠢᠭᠤᠯᠤᠯᠲᠠ ᠶᠢᠨ ᠣᠷᠣᠨ ᠤ ᠲᠠᠯᠠᠪᠡᠢ ᠨᠢ 27 ᠲᠡᠭᠰᠢ ᠲᠦᠷᠪᠡᠯᠵᠢᠨ ᠺᠢᠯᠦᠮᠧᠲᠷ ᠪᠠᠶᠢᠵᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠨᠡᠶᠢᠲᠡ 28.96 ᠳ᠋ᠦᠩᠰᠢᠭᠤᠷ ᠲᠦᠬᠦᠷᠢᠭ ᠢ ᠪᠡᠶᠡᠯᠡᠬᠦᠯᠵᠦ ︽ᠨᠠᠢᠮᠠ ᠶᠢ ᠨᠡᠪᠲᠡᠷᠡᠬᠦᠯᠵᠦ ᠨᠢᠭᠡ ᠶᠢ ᠲᠡᠭᠰᠢᠯᠡᠬᠦ︾ ︵ᠣᠰᠤ ᠬᠠᠩᠭᠠᠬᠤ᠂ ᠣᠰᠤ ᠳᠠᠲᠠᠷᠠᠭᠤᠯᠬᠤ᠂ ᠴᠠᠬᠢᠯᠭᠠᠨ ᠲᠣᠣᠷ᠂ ᠵᠠᠰᠠᠮᠠᠯ ᠵᠠᠮ᠂ ᠬᠤᠯᠪᠣᠭ᠎ᠠ ᠨᠠᠪᠳᠠᠷᠡᠯᠬᠡ᠂ ᠳᠤᠯᠠᠭᠠᠯᠠᠯᠭ᠎ᠠ ᠬᠠᠩᠭᠠᠬᠤ᠂ ᠬᠡᠢ ᠬᠠᠩᠭᠠᠬᠤ ᠪᠠ ᠪᠤᠷᠤᠭᠠᠨ ᠤ ᠣᠰᠤ ᠪᠠ ᠪᠣᠬᠢᠷ ᠣᠰᠣᠨ ᠲᠣᠣᠷ ᠢ ᠨᠡᠪᠲᠡᠷᠡᠬᠦᠯᠬᠦ᠂ ᠲᠠᠯᠠᠪᠤᠷ ᠤᠨ ᠭᠠᠵᠠᠷ ᠢ ᠲᠡᠭᠰᠢᠯᠡᠬᠦ︶ ᠶᠢ ᠦᠨᠳᠦᠰᠦᠨ ᠳᠡᠭᠡᠨ ᠪᠡᠶᠡᠯᠡᠬᠦᠯᠪᠡ᠃  ᠣᠳᠣᠬᠠᠨ ᠳᠤ ᠨᠡᠭᠡᠭᠡᠯᠲᠡ ᠶᠢᠨ ᠲᠣᠭᠤᠷᠢᠭ ᠲᠤ ᠨᠠᠮ ᠵᠠᠰᠠᠭ ᠤᠨ ᠠᠯᠪᠠᠨ ᠭᠡᠷ᠂ ᠨᠠᠮ ᠪᠠ ᠣᠯᠠᠨ ᠲᠦᠮᠡᠨᠴᠢ ᠠᠵᠢᠯ ᠤᠨ ᠬᠡᠯᠲᠡᠰ᠂ ᠠᠵᠤ ᠠᠬᠤᠢ ᠶᠢᠨ ᠬᠦᠭᠵᠢᠬᠦᠯᠦᠯᠲᠡ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠦᠯᠦᠪᠵᠢᠬᠦᠯᠭᠡ ᠪᠠ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ᠂ ᠨᠡᠶᠢᠲᠡ ᠶᠢᠨ ᠬᠡᠷᠡᠭᠯᠡᠬᠡᠨ ᠤ ᠠᠵᠢᠯ ᠦᠢᠯᠡᠰ ᠤᠨ ᠬᠠᠮᠢᠶᠠᠷᠤᠯᠲᠠ ᠶᠢᠨ ᠲᠣᠪᠴᠢᠶ᠎ᠠ᠂ ᠣᠯᠣᠰ ᠤᠨ ᠭᠠᠵᠠᠷ ᠰᠢᠷᠦᠢ ᠶᠢᠨ ᠡᠬᠢ ᠪᠠᠶᠠᠯᠢᠭ ᠤᠨ ᠬᠤᠪᠢᠶᠠᠷᠢ ᠲᠤᠪᠴᠢᠶ᠎ᠠ᠂ ᠦᠦᠰᠢᠨ ᠬᠤᠰᠢᠭᠤᠨ ᠤ ᠰᠣᠪᠣᠷᠭ᠎ᠠ ᠪᠡᠯᠡ ᠣᠷᠣᠭᠤᠯᠣᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠵᠡᠷᠭᠡ 10 ᠰᠠᠯᠠᠭ᠎ᠠ ᠮᠦᠴᠢᠷ ᠢ ᠲᠣᠬᠢᠷᠠᠭᠤᠯᠵᠠᠢ᠃ ᠬᠠᠷᠢᠶᠠᠨ ᠳᠤᠨᠢ ᠭᠤᠷᠪᠠᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠥᠪᠯᠡᠷᠡᠯ ᠲᠣᠭᠤᠷᠢᠭ ︵ᠤᠯᠠᠭᠠᠨᠲᠤᠯᠤᠭᠠᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠣᠭᠤᠷᠢᠭ᠂ ᠲᠤᠭ ᠤᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠣᠭᠤᠷᠢᠭ᠂ ᠦᠦᠰᠢᠨᠵᠤᠤ ᠶᠢᠨ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠣᠭᠤᠷᠢᠭ︶᠂ ᠨᠢᠭᠡ ᠠᠭᠤᠷᠬᠠᠢ ᠶᠢᠨ ᠣᠷᠣᠨ ( ᠬᠤᠵᠢᠷᠲᠤ ᠶᠢᠨ ᠠᠭᠤᠷᠬᠠᠢ ᠶᠢᠨ ᠣᠷᠣᠨ︶ ᠲᠠᠢ ᠪᠠᠶᠢᠨ᠎ᠠ᠃ ᠡᠬᠦᠨ ᠳᠤ ᠤᠯᠠᠭᠠᠨᠲᠤᠯᠤᠭᠠᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠣᠭᠤᠷᠢᠭ  ᠨᠢ ᠣᠯᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠦᠨ ᠵᠡᠷᠭᠡ ᠵᠢᠷᠭᠤᠭᠠᠨ ᠶᠠᠮᠦᠨ ᠤ ᠨᠠᠮ ᠤᠨ ᠬᠤᠷᠢᠶ᠎ᠠ ᠠᠴᠠ ᠬᠠᠮᠲᠤᠷᠠᠨ ᠨᠡᠷᠡᠯᠡᠭᠰᠡᠨ ᠣᠯᠣᠰ ᠤᠨ ᠰᠢᠨ᠎ᠡ ᠮᠡᠲ᠋ᠧᠷᠢᠶᠠᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠵᠢᠴᠢ ᠠᠵᠤ ᠦᠢᠯᠡᠰᠵᠢᠬᠦᠯᠦᠯᠲᠡ ᠶᠢᠨ ᠰᠠᠭᠤᠷᠢᠨ ᠭᠠᠵᠠᠷ ᠪᠣᠯᠣᠭᠰᠠᠨ ᠪᠦᠭᠡᠳ ᠦᠦᠰᠢᠨᠵᠤᠤ ᠶᠢᠨ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠣᠭᠤᠷᠢᠭ ᠨᠢ ᠦᠪᠡᠷᠳᠡᠭᠡᠨ ᠵᠠᠰᠠᠬᠤ ᠣᠷᠣᠨ ᠤ ᠣᠷᠴᠢᠯ ᠠᠵᠤ ᠠᠬᠤᠢ ᠶᠢᠨ ᠲᠠᠭᠤᠷᠢᠶᠠᠯ ᠦᠵᠡᠬᠦᠯᠬᠦ ᠬᠦᠷᠢᠶᠡᠯᠡᠩ ᠪᠣᠯᠣᠭᠰᠠᠨ ᠶᠤᠮ᠃
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ