3 ᠰᠠᠷ᠎ᠠ ᠶᠢᠨ 22 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠠᠵᠤ ᠠᠬᠤᠶᠢᠯᠠᠯ | ᠤᠨ ᠠᠵᠢᠯ ᠢᠶᠠᠨ ᠡᠬᠢᠯᠡᠬᠦᠯᠵᠤ ᠦᠶᠯᠡᠳᠪᠦᠷᠢᠯᠡᠯ ᠢᠶᠠᠨ ᠰᠡᠷᠭᠦᠭᠡᠬᠦ᠂ ᠠᠶᠤᠯᠭᠦᠶ ᠦᠶᠯᠡᠳᠪᠦᠷᠢᠯᠡᠯ ᠵᠡᠷᠭᠡ ᠠᠵᠢᠯ ᠳᠤ | ᠲᠤᠬᠠᠢ ᠶᠢᠨ ᠭᠠᠵᠠᠷ ᠲᠤ ᠬᠢᠨᠠᠨ ᠵᠢᠯᠤᠭᠤᠳᠤᠯᠭ᠎ᠠ ᠪᠠᠶᠢᠴᠠᠭᠠᠯᠳᠠ ᠭᠢᠭᠦ ᠳᠤ ᠪᠠᠨ ᠬᠢᠵᠢᠭ ᠤᠨ ᠪᠠᠶᠢᠳᠠᠯ ᠳᠤ | ᠨᠦᠯᠦᠭᠡᠯᠡᠭᠳᠡᠭᠰᠡᠨ ᠡᠯ᠎ᠡ ᠲᠥᠷᠥᠯ ᠤᠨ ᠠᠵᠤ ᠠᠬᠤᠶᠢᠯᠠᠯ ᠤᠨ ᠠᠵᠢᠯ ᠢᠶᠠᠨ ᠡᠬᠢᠯᠡᠬᠦᠯᠵᠤ ᠦᠶᠯᠡᠳᠪᠦᠷᠢᠯᠡᠯ ᠢᠶᠠᠨ | ᠰᠡᠷᠭᠦᠭᠡᠬᠦ ᠶᠢ ᠪᠥᠬᠦ ᠬᠦᠴᠦᠨ ᠢᠶᠠᠷ ᠢᠶᠠᠨ ᠳᠡᠮᠵᠢᠬᠦ ᠪᠠ ᠠᠬᠢᠭᠤᠯᠵᠤ ᠠᠶᠤᠯᠭᠦᠶ ᠦᠶᠯᠡᠳᠪᠦᠷᠢᠯᠡᠯ ᠪᠠ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ ᠭᠡᠵᠤ ᠴᠢᠬᠤᠯᠠᠴᠢᠯᠠᠪᠠ | ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠥᠩ ᠯᠢᠨ᠂ | ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ ᠤᠨ ᠳᠡᠳ᠋ ᠡᠷᠬᠢᠯᠡᠭᠴᠢ | ᠰᠢᠶᠤᠤ ᡁᠢ ᠺᠤᠸᠠᠨ ᠵᠢᠴᠢ ᠬᠤᠰᠢᠭᠤ ᠡᠨᠧᠷᠭᠢ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠶᠢᠴᠠᠭᠠᠯᠳᠠ ᠳᠤ ᠤᠷᠤᠯᠴᠠᠪᠠ᠃ | | | | | | | | ᠡᠷᠳᠡᠨᠢᠪᠢᠯᠢᠭ ᠤᠷᠢᠳ ᠬᠤᠵᠢᠳ ᠵᠥᠩ ᠮᠸᠢ ᠪᠦᠯᠦᠭᠯᠡᠯ ᠤᠨ ᠤᠷᠳᠤᠰ ᠡᠨᠧᠷᠭᠢ ᠭᠢᠮᠢ ᠶᠢᠨ ᠥᠢᠯᠡᠳᠪᠤᠷᠢ᠂ | ᠵᠦᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠬᠤᠯᠤᠰᠤ ᠨᠡᠭᠦᠷᠡᠰᠦᠨ | ᠠᠭᠤᠷᠬᠠᠶ ᠪᠣᠯᠤᠨ ᠮᠦᠩᠭᠡᠴᠢᠨ ᠨᠡᠭᠦᠷᠡᠰᠦᠨ ᠠᠭᠤᠷᠬᠠᠶ ᠵᠡᠷᠭᠡ ᠠᠵᠤ ᠠᠬᠤᠶᠢᠯᠠᠯ ᠳᠤ ᠬᠦᠷᠴᠦ ᠬᠢᠨᠠᠨ | ᠵᠢᠯᠤᠭᠤᠳᠤᠯᠭ᠎ᠠ ᠪᠠᠶᠢᠴᠠᠭᠠᠯᠲᠠ ᠬᠢᠵᠤ ᠠᠵᠤ ᠠᠬᠤᠶᠢᠯᠠᠯ ᠤᠨ ᠠᠵᠢᠯ ᠢᠶᠠᠨ ᠡᠬᠢᠯᠡᠬᠦᠯᠵᠤ ᠦᠶᠯᠡᠳᠪᠦᠷᠢᠯᠡᠯ ᠢᠶᠠᠨ | ᠰᠡᠷᠭᠦᠭᠡᠬᠦ᠂ ᠠᠶᠤᠯᠭᠦᠶ ᠦᠶᠯᠡᠳᠪᠦᠷᠢᠯᠡᠯ᠂ ᠲᠤᠬᠠᠢ ᠭᠠᠵᠠᠷ ᠤᠨ ᠬᠠᠮᠢᠶᠠᠷᠤᠯᠲᠠ᠂ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ | | | | | | | ᠡᠷᠳᠡᠨᠢᠪᠢᠯᠢᠭ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠠᠭᠠᠨ ᠪᠤᠴᠠᠬᠤ ᠪᠠ ᠠᠵᠢᠯ ᠢᠶᠠᠨ ᠡᠬᠢᠯᠡᠬᠦᠯᠵᠤ ᠦᠶᠯᠡᠳᠪᠦᠷᠢᠯᠡᠯ | ᠢᠶᠠᠨ ᠰᠡᠷᠭᠦᠭᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ ᠲᠥᠷᠥᠯ ᠵᠦᠶᠯ ᠤᠨ ᠪᠦᠲᠦᠭᠡᠨ | ᠪᠠᠶᠢᠭᠤᠯᠤᠯᠲᠠ ᠶᠢᠨ ᠠᠭᠢᠴᠠ ᠪᠠᠨ ᠲᠥᠷᠭᠡᠳᠭᠡᠨ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠠᠭᠦ ᠡᠯ᠎ᠡ ᠲᠥᠷᠤᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ ᠠᠵᠢᠯ | ᠢᠶᠠᠨ ᠡᠬᠢᠯᠡᠬᠦᠯᠵᠤ ᠦᠶᠯᠡᠳᠪᠦᠷᠢᠯᠡᠯ ᠢᠶᠠᠨ ᠰᠡᠷᠭᠦᠭᠡᠬᠦ ᠠᠵᠢᠯ ᠢᠶᠠᠨ ᠡᠮᠬᠢ ᠵᠢᠷᠤᠮ ᠲᠠᠢ ᠬᠢᠵᠦ ᠠᠷᠢᠭᠤᠳᠬᠠᠯ ᠪᠠ | ᠠᠵᠢᠯᠲᠠᠨ ᠠᠵᠢᠯᠴᠢᠨ ᠤ ᠰᠠᠷᠭᠡᠶᠢᠯᠠᠨ ᠬᠠᠮᠠᠭᠠᠯᠠᠯᠳᠠ ᠶᠢ ᠴᠢᠩᠭᠠᠳᠬᠠᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ | ᠢᠶᠠᠨ ᠲᠦᠷᠭᠡᠨ ᠡᠬᠢᠯᠡᠭᠦᠯᠬᠦ ᠶᠢ ᠪᠠᠲᠤᠯᠠᠬᠤ ᠬᠡᠷᠡᠭᠲᠡᠶ᠃ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ | ᠶᠢᠨ ᠡᠯ᠎ᠡ ᠵᠦᠶᠯ ᠤᠨ ᠲᠥᠷᠥ ᠶᠢᠨ ᠪᠤᠳᠤᠯᠭ᠎ᠠ ᠶᠢ ᠴᠠᠭ ᠲᠤᠬᠠᠶ ᠳᠤᠨᠢ ᠤᠯᠠᠮᠵᠢᠯᠠᠨ ᠠᠵᠤ ᠠᠬᠤᠶᠢᠯᠠᠯ ᠤᠨ ᠠᠵᠢᠯ | ᠢᠶᠠᠨ ᠡᠬᠢᠯᠡᠬᠦᠯᠵᠤ ᠦᠶᠯᠡᠳᠪᠦᠷᠢᠯᠡᠯ ᠢᠶᠠᠨ ᠰᠡᠷᠭᠦᠭᠡᠬᠦ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ | ᠰᠢᠶᠳᠪᠦᠷᠢᠯᠡᠵᠦ ᠠᠵᠤ ᠠᠬᠤᠶᠢᠯᠠᠯ ᠢ ᠬᠠᠪᠰᠤᠷᠤᠨ ᠦᠶᠯᠡᠳᠪᠦᠷᠢᠯᠡᠯ ᠢ ᠨᠢ ᠤᠷᠤᠭᠰᠢᠲᠠᠶ ᠰᠡᠷᠭᠦᠭᠡᠬᠦ ᠬᠡᠷᠡᠭᠲᠡᠶ᠃ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ ᠠᠵᠤ ᠠᠬᠤᠶᠢᠯᠠᠯ ᠳᠠᠬᠢ ᠵᠢᠯᠣᠭᠤᠳᠣᠯᠭ᠎ᠠ ᠪᠠ ᠦᠶᠯᠡᠴᠢᠯᠡᠭᠡ ᠶᠢ ᠠᠳᠬᠤᠨ ᠠᠵᠤ ᠠᠬᠤᠶᠢᠯᠠᠯ | ᠢ ᠬᠠᠪᠰᠤᠷᠤᠨ ᠠᠵᠢᠯ ᠢᠶᠠᠨ ᠡᠬᠢᠯᠡᠬᠦᠯᠵᠤ ᠦᠶᠯᠡᠳᠪᠦᠷᠢᠯᠡᠯ ᠢᠶᠠᠨ ᠰᠡᠷᠭᠦᠭᠡᠬᠦ᠂ ᠠᠮᠤᠷ ᠲᠦᠪᠰᠢᠨ᠂ ᠣᠷᠴᠢᠨ | ᠲᠤᠭᠤᠷᠢᠨ ᠤ ᠬᠠᠮᠠᠭᠠᠯᠠᠯᠲᠠ ᠵᠡᠷᠭᠡ ᠠᠵᠢᠯ ᠢ ᠴᠢᠩᠭ᠎ᠠ ᠨᠠᠶᠢᠳᠠᠪᠤᠷᠢᠵᠢᠭᠤᠯᠵᠤ ᠡᠯ᠎ᠡ ᠲᠥᠷᠥᠯ ᠤᠨ ᠲᠦᠭᠰᠢᠭᠦᠷᠢ ᠪᠠ | ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠨ ᠠᠳᠡᠯ ᠭᠠᠷᠬᠤ ᠶᠢ ᠴᠢᠩᠭ᠎ᠠ ᠰᠠᠷᠭᠡᠶᠢᠯᠠᠭᠦ ᠬᠡᠷᠡᠭᠲᠡᠶ᠃ ᠡᠯ᠎ᠡ ᠠᠵᠤ | ᠠᠬᠤᠶᠢᠯᠠᠯ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠠᠨ ᠠᠮᠤᠷ ᠲᠦᠪᠰᠢᠨ᠂ ᠣᠷᠴᠢᠨ ᠲᠣᠭᠤᠷᠢᠨ ᠤ | ᠬᠠᠮᠠᠭᠠᠯᠠᠯᠲᠠ ᠪᠣᠯᠤᠨ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ ᠡᠯ᠎ᠡ ᠲᠥᠷᠤᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ ᠠᠰᠠᠭᠤᠳᠠᠯ ᠭᠠᠷᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠢ᠃ | | | | | | | ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ | ᠬᠢᠨ ᠠᠶᠤᠯᠭᠦᠶ ᠦᠶᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ ᠠᠵᠤ ᠠᠬᠤᠶᠢᠯᠠᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠦᠶᠯᠡᠳᠪᠦᠷᠢᠯᠡᠯ ᠤᠨ ᠶᠠᠪᠤᠴᠠ ᠶᠢ | ᠵᠢᠷᠤᠮᠵᠢᠭᠤᠯᠤᠨ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ ᠳᠠᠯᠳᠠ ᠬᠡᠮ ᠢ | ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠲᠡᠶ᠃ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠠᠭᠠᠨ | ᠪᠤᠴᠠᠬᠤ ᠶᠠᠪᠤᠴᠠ ᠳᠠᠬᠢ ᠵᠠᠮ ᠬᠠᠷᠢᠯᠴᠠᠭ᠎ᠠ᠂ ᠢᠳᠡᠭᠡᠨ ᠤᠮᠳᠠᠭᠠᠨ᠂ ᠡᠮ ᠤᠨ ᠵᠦᠶᠯ᠂ ᠬᠢᠵᠢᠭ ᠰᠡᠷᠭᠡᠶᠢᠯᠡᠬᠦ ᠵᠡᠷᠭᠡ | ᠠᠵᠢᠯ ᠢ ᠴᠢᠩᠭ᠎ᠠ ᠠᠳᠬᠤᠵᠤ ᠠᠵᠢᠯᠲᠠᠨ ᠠᠵᠢᠯᠴᠢᠨ ᠤ ᠠᠮᠤᠷ ᠲᠥᠪᠰᠢᠨ ᠠᠵᠢᠯ ᠤᠨ ᠪᠠᠶᠢᠷᠢᠨ ᠳᠤ ᠭᠠᠷᠬᠤ ᠶᠢ | ᠪᠠᠲᠤᠯᠠᠬᠤ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ ᠵᠡᠷᠭᠡ ᠭᠤᠤᠯᠳᠠᠯᠭ᠎ᠠ ᠲᠠᠢ ᠠᠵᠢᠯ | ᠲᠥᠷᠥᠯ ᠤᠨ ᠬᠦᠷᠢᠶᠠᠨ ᠳᠠᠬᠢ ᠠᠶᠤᠯᠬᠦᠢ ᠦᠶᠯᠡᠳᠪᠦᠷᠢᠯᠡᠯ ᠢ ᠰᠠᠶᠢᠲᠤᠷ ᠠᠳᠬᠤᠵᠤ ᠠᠳᠡᠯ ᠭᠠᠷᠬᠤ ᠶᠢ ᠰᠠᠷᠭᠡᠶᠢᠯᠠᠨ | ᠠᠵᠤ ᠠᠬᠤᠶᠢᠯᠠᠯ ᠤᠨ ᠠᠵᠢᠯ ᠢᠶᠠᠨ ᠡᠬᠢᠯᠡᠬᠦᠯᠵᠤ ᠦᠶᠯᠡᠳᠪᠦᠷᠢᠯᠡᠯ ᠢᠶᠠᠨ ᠰᠡᠷᠭᠦᠭᠡᠬᠦ ᠠᠵᠢᠯ ᠠᠶᠤᠯᠭᠦᠢ᠂ ᠡᠮᠬᠢ | ᠵᠢᠷᠤᠮ ᠲᠠᠢ ᠪᠠᠶᠢᠬᠤ ᠶᠢ ᠪᠠᠳᠤᠯᠠᠨ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠶᠡᠭᠡ ᠲᠠᠯ᠎ᠠ ᠳᠤ | ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠡᠶ᠃ | | | | |