3 ᠰᠠᠷ᠎ᠠ ᠶᠢᠨ 20 ᠤ ᠡᠳᠦᠷ᠂ ᠪᠦᠬᠦ ᠬᠤᠰᠢᠭᠤᠨ ᠤ ︽ᠴᠢᠨᠡᠭᠡᠯᠢᠭ ᠨᠡᠶᠢᠬᠡᠮ ᠳᠤ ᠣᠷᠣᠬᠤ ᠳᠤ ᠨᠣᠳᠤᠭ | ᠤᠨ ᠠᠷᠠᠳ ᠢᠶᠠᠨ ᠳᠦᠰᠢᠭᠯᠡᠬᠦ︾ ︽ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠵᠦ ᠶᠠᠳᠠᠭᠤ ᠠᠴᠠ | ᠠᠩᠭᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠤᠭᠠᠨ ᠤ ᠰᠢᠢᠳᠪᠦᠷᠢᠲᠤ ᠢᠯᠠᠯᠲᠠ ᠶᠢ ᠤᠯᠬᠤ︾ ᠭᠤᠣᠯ | ᠰᠡᠳᠣᠪᠲᠣ ᠮᠡᠳᠡᠬᠦᠯᠦᠯᠲᠡ ᠶᠢᠨ ᠬᠤᠷᠠᠯ ᠢ ᠦᠦᠰᠢᠨᠵᠣᠣ ᠭᠠᠴᠠᠭᠠᠨ ᠳᠤ ᠬᠤᠷᠠᠯᠳᠤᠭᠤᠯᠪᠠ᠃ | ᠬᠤᠰᠢᠭᠤ ᠣᠬᠠᠭᠤᠯᠬᠤ ᠬᠡᠯᠳᠡᠰ᠂ ᠬᠤᠰᠢᠭᠤ ᠨᠠᠮ ᠤᠨ ᠬᠤᠷᠢᠶᠠᠨ ᠤ ᠯᠧᠺᠲ᠋ᠤᠷ ᠤᠨ ᠪᠦᠯᠬᠦᠮ᠂ | ᠦᠦᠰᠢᠨᠵᠣᠣ ᠪᠠᠯᠭᠠᠰᠣ᠂ ᠬᠤᠰᠢᠭᠤ ᠨᠠᠮ ᠤᠨ ᠰᠣᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ᠂ ᠬᠤᠰᠢᠭᠤ | ᠨᠠᠮ ᠤᠨ ᠰᠣᠷᠭᠠᠭᠤᠯᠢ ᠶᠢᠨ ᠪᠠᠭᠰᠢ᠂ ᠦᠦᠰᠢᠨᠵᠣᠣ ᠭᠠᠴᠠᠭᠠᠨ ᠤ ᠬᠤᠶᠠᠷ ᠵᠦᠪᠯᠡᠯ ᠵᠢᠴᠢ ᠬᠢᠨᠠᠨ ᠪᠠᠶᠢᠴᠠᠭᠠᠬᠤ | ᠵᠦᠪᠯᠡᠯ ᠤᠨ ᠬᠡᠰᠢᠬᠦᠨ᠂ ᠭᠠᠴᠠᠭ᠎ᠠ ᠳᠣᠰᠬᠤᠨ ᠳᠤ ᠳᠣᠮᠢᠯᠠᠨ ᠰᠠᠭᠤᠭ᠎ᠠ ᠠᠵᠢᠯᠯᠠᠬᠤ ᠳᠣᠭᠤᠶᠢᠯᠠᠩ ᠤᠨ ᠬᠡᠰᠢᠬᠦᠨ᠂ | ᠭᠠᠴᠠᠭ᠎ᠠ ᠳᠣᠰᠬᠤᠨ ᠤ ᠪᠦᠬᠦ ᠨᠠᠮ ᠤᠨ ᠬᠡᠰᠢᠬᠦᠨ᠂ ᠦᠦᠰᠢᠨᠵᠤᠤ ᠪᠠᠯᠭᠠᠰᠤᠨ ᠤ ᠲᠠᠩᠰᠠᠯᠠᠵᠤ ᠺᠠᠷᠲᠯᠠᠭᠰᠠᠨ | ᠶᠠᠳᠠᠭᠤ ᠬᠦᠴᠢᠷᠳᠡᠯᠲᠠᠢ ᠡᠷᠦᠬᠡ ᠶᠢᠨ ᠲᠦᠯᠦᠭᠡᠯᠡᠭᠴᠢ ᠵᠡᠷᠭᠡ 50 ᠭᠠᠷᠣᠢ ᠬᠦᠮᠦᠨ ᠬᠤᠷᠠᠯ ᠳᠤ ᠣᠷᠣᠯᠴᠠᠪᠠ᠃ | ᠬᠤᠷᠠᠯ ᠠᠴᠠ ᠵᠢᠭᠠᠬᠤ ᠳᠠᠭᠠᠨ᠂ ︽ᠮᠠᠯᠵᠢᠬᠤ ᠳ᠋ᠠᠵᠠᠢ ᠦᠦᠰᠢᠨᠵᠣᠣ︾ ᠶᠢᠨ ᠵᠣᠷᠢᠭ ᠰᠠᠨᠠᠭ᠎ᠠ ᠨᠢ ᠦᠶ᠎ᠡ | ᠦᠶ᠎ᠡ ᠶᠢᠨ ᠬᠦᠮᠦᠰ ᠢ ᠵᠣᠷᠢᠭᠵᠢᠭᠤᠯᠵᠦ ᠪᠠᠶᠢᠭ᠎ᠠ ᠲᠤᠯᠠ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ | ᠳᠠᠶᠢᠯᠠᠯᠳᠣᠭᠠᠨ ᠤ ᠢᠯᠡᠯᠳᠡ ᠶᠢ ᠣᠯᠬᠤ ᠳᠤ ᠨᠡᠩ ᠢᠲᠡᠭᠡᠯ ᠲᠠᠢ ᠪᠠᠶᠢᠨ᠎ᠠ᠃ ᠰᠢ ᠶᠢᠨ ᠫᠢᠩ ᠶᠡᠷᠦᠩᠬᠡᠢ ᠱᠦᠵᠢ | ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠪᠠᠶᠢᠯᠳᠣᠬᠤ ᠪᠣᠳᠣᠯᠭ᠎ᠠ ᠶᠢᠨ ᠵᠢᠯᠣᠭᠤᠳᠣᠯᠭ᠎ᠠ ᠪᠣᠯᠭᠠᠵᠦ ᠶᠠᠳᠠᠭᠤ | ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠤ ᠪᠦᠷᠢᠨ ᠢᠯᠡᠯᠳᠡ ᠶᠢ ᠣᠯᠬᠤ ᠬᠡᠷᠡᠭᠲᠡᠢ ᠬᠡᠪᠡ᠃ | | ᠬᠤᠷᠠᠯ ᠠᠴᠠ ᠴᠢᠬᠤᠯᠠᠴᠢᠯᠠᠬᠤ ᠳᠠᠭᠠᠨ᠂ ᠡᠨᠡ ᠵᠢᠯ ᠪᠣᠯ ᠪᠦᠬᠦ ᠳᠠᠯ᠎ᠠ ᠪᠠᠷ ᠴᠢᠨᠡᠬᠡᠯᠢᠭ ᠨᠡᠶᠢᠬᠡᠮ ᠢ ᠪᠦᠲᠦᠭᠡᠨ | ᠪᠠᠶᠢᠭᠤᠯᠬᠤ ᠰᠡᠬᠦᠯ ᠬᠤᠷᠢᠶᠠᠬᠤ ᠵᠢᠯ ᠮᠦᠨ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠪᠠᠷ ᠵᠢᠯᠣᠭᠤᠳᠣᠭᠤᠯᠵᠦ ᠪᠦᠬᠦ ᠪᠠᠯᠭᠠᠰᠣ ᠪᠠᠷ ᠢᠶᠠᠨ ᠰᠡᠳᠬᠢᠯ ᠢᠶᠠᠨ ᠨᠢᠬᠡᠳᠦᠨ ᠬᠦᠴᠦᠨ ᠢᠶᠠᠨ | ᠬᠠᠮᠳᠣᠳᠬᠠᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠤ ᠡᠴᠦᠰ ᠤᠨ ᠢᠯᠡᠯᠳᠡ | ᠶᠢ ᠳᠡᠮᠡᠴᠡᠨ ᠣᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠵᠦᠢᠯ ᠤᠨ ᠠᠷᠠᠳ ᠲᠤ ᠠᠰᠢᠭ ᠬᠦᠷᠳᠡᠬᠡᠬᠦ ᠳᠦᠷᠦ ᠶᠢᠨ | ᠪᠣᠳᠣᠯᠭ᠎ᠠ ᠪᠠ ᠳᠦᠷᠦᠯ ᠵᠦᠢᠯ ᠢ ᠢᠳᠡᠪᠬᠢᠲᠡᠢ ᠪᠠᠷ ᠳᠡᠮᠡᠴᠡᠨ ᠣᠯᠵᠦ ᠪᠦᠬᠦ ᠳᠠᠯ᠎ᠠ ᠪᠠᠷ ᠶᠠᠳᠠᠭᠤ ᠠᠴᠠ | ᠠᠩᠭᠢᠵᠢᠷᠠᠭᠤᠯᠬᠤ ᠪᠠ ᠬᠦᠳᠡᠭᠡ ᠳᠣᠰᠬᠤᠨ ᠢ ᠬᠦᠭᠵᠢᠬᠦᠯᠦᠨ ᠮᠡᠨᠳᠣᠭᠤᠯᠬᠤ ᠶᠢ ᠪᠦᠲᠦᠮᠵᠢᠲᠡᠢ ᠣᠶᠠᠯᠳᠣᠭᠤᠯᠬᠤ | ᠬᠡᠷᠡᠭᠲᠡᠢ ᠬᠡᠪᠡ᠃ | ᠬᠤᠰᠢᠭᠤ ᠨᠠᠮ ᠤᠨ ᠰᠣᠷᠭᠠᠭᠤᠯᠢ ᠶᠢᠨ ᠪᠠᠭᠰᠢ ᠬᠠᠰᠪᠤᠯᠤᠳ ᠠᠴᠠ ᠰᠢ ᠶᠢᠨ ᠫᠢᠩ ᠶᠡᠷᠦᠩᠬᠡᠢ ᠱᠦᠵᠢ ᠶᠢᠨ | ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠤ ᠢᠯᠡᠯᠳᠡ ᠶᠢ ᠣᠯᠬᠤ | ᠳᠤᠬᠠᠢ ᠲᠦᠷᠦ ᠶᠢᠨ ᠪᠤᠳᠤᠯᠭ᠎ᠠ ᠪᠠ ᠤᠨᠤᠯ ᠤᠨ ᠲᠠᠯ᠎ᠠ ᠪᠠᠷ ᠨᠠᠷᠢᠯᠢᠭ ᠬᠢᠴᠢᠶᠡᠯᠯᠡᠨ ᠲᠠᠶᠢᠯᠪᠤᠷᠢᠯᠠᠭᠰᠠᠨ ᠪᠠᠶᠢᠨ᠎ᠠ᠃ |