ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠳᠣᠭᠤᠶᠢᠯᠠᠩ ᠬᠠᠮᠲᠣ ᠶᠢᠨ ᠠᠵᠣ ᠠᠬᠤᠢ ᠶᠢ ᠬᠦᠭᠵᠢᠬᠦᠯᠬᠦ ᠳᠣᠯᠭᠠᠭᠤᠷᠢ ᠬᠦᠴᠣᠨ ᠪᠤᠯᠵᠤ ᠪᠠᠶᠢᠨ᠎ᠠ
ᠨᠡᠶᠢᠲᠡᠯᠡᠭᠰᠡᠨ ᠴᠠᠭ᠄
2020-03-24
     ᠮᠠᠨ ᠤ ᠬᠤᠰᠢᠭᠤᠨ ᠤ ᠡᠯ᠎ᠡ ᠭᠠᠴᠠᠭ᠎ᠠ ᠳᠣᠰᠬᠤᠨ ᠳᠤ ᠰᠠᠭᠤᠭ᠎ᠠ ᠠᠵᠢᠯᠯᠠᠬᠤ ᠳᠣᠭᠤᠶᠢᠯᠠᠩ ᠨᠢ ᠭᠠᠴᠠᠭ᠎ᠠ ᠳᠣᠰᠬᠤᠨ ᠤ ᠪᠠᠨ ᠪᠣᠳᠠᠳᠣ ᠪᠠᠶᠢᠳᠠᠯ ᠢ ᠦᠨᠳᠣᠰᠣᠯᠠᠨ ᠬᠠᠮᠲᠣ ᠶᠢᠨ ᠠᠵᠣ ᠠᠬᠤᠢ ᠶᠢ ᠬᠦᠭᠵᠢᠬᠦᠯᠬᠦ᠂ ᠶᠠᠳᠠᠭᠤ ᠠᠴᠠ ᠠᠩᠭᠢᠵᠢᠷᠠᠭᠤᠯᠬᠤ ᠵᠡᠷᠭᠡ ᠲᠠᠯ᠎ᠠ ᠳᠤ ᠠᠵᠣ ᠣᠶᠢᠯᠡᠰ ᠡᠷᠬᠢᠯᠡᠵᠣ ᠣᠷᠣᠯᠭ᠎ᠠ ᠶᠢᠨ ᠨᠡᠮᠡᠭᠳᠡᠯ ᠢ ᠪᠠᠳᠣᠯᠠᠨ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠳᠤ ᠳᠣᠯᠭᠠᠭᠤᠷᠢ ᠬᠦᠴᠣᠨ ᠪᠣᠯᠵᠤ ᠪᠠᠶᠢᠨ᠎ᠠ᠃      ᠭᠠᠯᠠᠭᠤᠳᠣ ᠪᠠᠯᠭᠠᠰᠣᠨ ᠤ ᠰᠠᠷᠠᠭᠤᠯᠨᠣᠳᠤᠭ ᠭᠠᠴᠠᠭᠠᠨ ᠳᠠᠬᠢ ᠬᠤᠰᠢᠭᠤ ᠵᠠᠮ ᠬᠠᠷᠢᠯᠴᠠᠭᠠᠨ ᠤ ᠬᠠᠮᠢᠶᠠᠷᠣᠯᠲᠡ ᠶᠢᠨ ᠶᠡᠭᠡ ᠠᠩᠬᠢ ᠪᠣᠯᠣᠨ ᠪᠡᠶ᠎ᠡ ᠲᠠᠮᠢᠷ ᠤᠨ ᠣᠶᠢᠯᠡᠰ ᠤᠨ ᠬᠦᠭᠵᠢᠭᠦᠯᠣᠯᠲᠡ ᠶᠢᠨ ᠲᠥᠪ ᠬᠠᠮᠲᠤᠷᠠᠭᠰᠠᠨ ᠠᠵᠢᠯᠯᠠᠬᠤ ᠳᠣᠭᠤᠶᠢᠯᠠᠩ ᠳᠡᠭᠡᠷ᠎ᠡ ᠵᠢᠯ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠬᠦᠭᠵᠢᠭᠦᠯᠭᠦ ᠠᠵᠣ ᠠᠬᠤᠶᠢᠯᠡᠯ ᠲᠠᠢ ᠬᠠᠷᠢᠯᠴᠠᠨ 70 ᠳᠦᠮᠡᠨ ᠳᠦᠭᠦᠷᠢᠭ ᠤᠨ ᠳᠣᠰᠠᠯᠠᠮᠵᠢ ᠶᠢᠨ ᠮᠦᠡᠭᠬᠦ ᠣᠯᠵᠣ 2 ᠮᠦ ᠭᠠᠵᠠᠷ ᠤᠨ ᠢᠳᠡᠰᠢᠨ ᠨᠣᠭᠤᠭᠠᠨ ᠤ ᠳᠣᠯᠠᠭᠠᠨ ᠬᠦᠯᠡᠮᠵᠢ ᠶᠢ ᠪᠠᠶᠢᠭᠤᠯᠵᠠᠢ᠃      ᠡᠨ᠋ᠨ ᠬᠠᠪᠤᠷ ᠲᠤᠰ ᠳᠣᠯᠠᠭᠠᠨ ᠬᠦᠯᠡᠮᠵᠢ ᠳᠤ 40 ᠭᠠᠷᠣᠢ ᠳᠦᠮᠡᠨ ᠳᠦᠭᠦᠷᠢᠭ ᠵᠠᠷᠣᠴᠠᠭᠤᠯᠣᠨ ᠭᠤᠭᠤᠣᠨ᠂ ᠭᠤᠰᠢᠭᠤᠨ ᠨᠣᠭᠤᠭ᠎ᠠ᠂ ᠪᠣᠷᠴᠠᠭ ᠤᠨ ᠬᠤᠢ ᠵᠡᠷᠭᠡ ᠨᠣᠭᠤᠭ᠎ᠠ ᠶᠢ ᠳᠠᠷᠢᠵᠣ ᠪᠤᠯᠪᠠᠰᠤᠷᠠᠭᠤᠯᠤᠭᠰᠠᠨ ᠤ ᠬᠤᠶᠢᠨ᠎ᠠ ᠳᠣᠰᠠᠯᠠᠮᠵᠢ ᠦᠵᠡᠭᠦᠯᠣᠭ᠍ᠰᠠᠨ ᠠᠵᠣ ᠠᠬᠤᠶᠢᠯᠠᠯ ᠳᠤ ᠪᠣᠷᠣᠯᠠᠭᠤᠯᠣᠨ ᠵᠢᠯ ᠳᠤ ᠪᠠᠷᠤᠭ 5 ᠲᠦᠮᠡ ᠭᠠᠷᠣᠢ ᠳᠦᠭᠦᠷᠢᠭ ᠤᠨ ᠣᠷᠣᠯᠭ᠎ᠠ ᠣᠯᠬᠤ ᠪᠠᠷ ᠲᠦᠯᠦᠪᠯᠡᠵᠤ ᠪᠠᠶᠢᠨ᠎ᠠ᠃     ᠣᠶᠢᠯᠠᠭᠠᠭᠰᠠᠨ ᠢᠶᠠᠷ ᠤᠳᠤᠬᠠᠨ ᠳᠤ ᠮᠠᠨ ᠤ ᠬᠤᠰᠢᠭᠤᠨ ᠤ 10 ᠭᠠᠴᠠᠭ᠎ᠠ ᠳᠣᠰᠬᠤᠨ ᠳᠤ ᠬᠤᠲᠠ ᠠᠴᠠ ᠲᠣᠮᠢᠯᠠᠭᠰᠠᠨ19 ᠬᠦᠮᠣᠨ ᠪᠣᠯᠣᠨ 61 ᠭᠠᠴᠠᠭ᠎ᠠ ᠳᠣᠰᠬᠤᠨ ᠤ ᠬᠤᠰᠢᠭᠤᠨ ᠠᠴᠠ ᠲᠣᠮᠢᠯᠠᠭᠰᠠᠨ 255 ᠬᠦᠮᠣᠨ ᠠᠵᠢᠯᠯᠠᠬᠤ ᠳᠣᠭᠤᠶᠢᠯᠠᠩ ᠪᠣᠯᠵᠤ ᠪᠦᠷᠢᠯᠳᠣᠨ ᠭᠠᠴᠠᠭ᠎ᠠ ᠳᠣᠰᠬᠤᠨ ᠤ ᠡᠯ᠎ᠡ ᠲᠠᠯ᠎ᠠ ᠶᠢᠨ ᠠᠵᠢᠯ ᠣᠶᠢᠯᠡᠰ ᠪᠣᠯᠣᠨ ᠣᠯᠡᠨ ᠳᠦᠮᠡᠨ ᠳᠤ ᠣᠶᠢᠯᠡᠴᠢᠯᠠᠨ ᠭᠠᠪᠰᠢᠭᠠᠶᠢᠯᠠᠨ ᠠᠵᠢᠯᠯᠠᠵᠣ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号