ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 22 ᠤᠨ ᠴᠠᠬᠢᠯᠭᠠᠨ ᠮᠡᠳᠡᠭᠡ ᠤᠯᠤᠰ ᠤᠨ | ᠲᠡᠷᠢᠬᠦᠯᠡᠭᠴᠢ ᠰᠢ ᠶᠢᠨ ᠫᠢᠩ 3 ᠰᠠᠷ᠎ᠠ ᠶᠢᠨ 22 ᠤᠨ ᠡᠳᠤᠷ ᠨᠠᠮᠢᠪᠢᠶ᠎ᠠ ᠶᠢᠨ ᠶᠡᠷᠤᠩᠬᠡᠶᠢᠯᠡᠭᠴᠢ ᠭᠧᠩᠭᠤᠪ ᠲᠠᠢ | ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠥ᠂ ᠬᠤᠶᠠᠷ ᠤᠯᠤᠰ ᠤᠨ ᠭᠠᠳᠠᠭᠠᠳᠦ ᠬᠠᠷᠢᠯᠴᠠᠭ᠎ᠠ | ᠪᠠᠶᠢᠭᠤᠯᠤᠬᠰᠠᠠ 30 ᠵᠢᠯ ᠤᠨ ᠤᠢ ᠶᠢ ᠪᠡᠯᠬᠡᠯᠡᠪᠡ᠃ | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠲᠤᠮᠳᠠᠳᠤ ᠨᠠᠮᠢᠪᠢᠶ᠎ᠠ ᠭᠠᠳᠠᠭᠠᠳᠦ ᠬᠠᠷᠢᠯᠴᠠᠭ᠎ᠠ | ᠪᠠᠶᠢᠭᠤᠯᠤᠬᠰᠠᠠ 30 ᠵᠢᠯ ᠤᠨ ᠲᠤᠷᠰᠢ ᠲᠡᠯᠡᠬᠡᠢ ᠶᠢᠨ ᠪᠠᠶᠢᠳᠠᠯ ᠳᠤ ᠶᠠᠮᠠᠷ ᠬᠤᠪᠢᠷᠡᠯᠳᠡ ᠭᠠᠷᠤᠭᠰᠠᠠ ᠴᠦ ᠲᠡᠷᠡ᠂ | ᠬᠤᠶᠠᠷ ᠲᠡᠯ᠎ᠡ ᠪᠠᠷ ᠢᠶᠠᠨ ᠢᠮᠠᠬᠳᠠ ᠵᠤᠪᠠᠭᠤᠷᠢ ᠵᠦᠳᠡᠭᠦᠷᠢ ᠪᠠᠨ ᠬᠠᠮᠳᠤᠳᠬᠠᠨ ᠭᠠᠷ ᠬᠤᠯᠪᠤᠨ ᠤᠷᠤᠭᠰᠢᠯᠠᠭᠰᠠᠭᠠᠷ | ᠢᠷᠡᠪᠡ᠃ ᠤᠢᠢᠷ᠎ᠡ ᠶᠢᠨ ᠵᠢᠯ ᠠᠴᠠ ᠪᠢ ᠶᠡᠷᠤᠩᠬᠡᠶᠢᠯᠡᠭᠴᠢ ᠭᠧᠩᠭᠤᠪ ᠲᠠᠢ ᠬᠡᠳᠤ ᠤᠳᠠᠭ᠎ᠠ ᠠᠭᠤᠯᠵᠠᠵᠥ ᠲᠤᠮᠳᠠᠳᠤ | ᠨᠠᠮᠢᠪᠢᠶ᠎ᠠ ᠶᠢᠨ ᠪᠦᠬᠦ ᠲᠡᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢ | ᠪᠠᠶᠢᠭᠤᠯᠤᠨ ᠬᠦᠭᠵᠢᠬᠦᠯᠬᠦ ᠲᠤᠬᠠᠢ ᠴᠢᠬᠤᠯᠠ ᠬᠠᠮᠳᠤ ᠶᠢᠨ ᠲᠠᠨᠢᠯᠳᠡ ᠲᠠᠢ ᠪᠤᠯᠵᠥ᠂ ᠬᠤᠶᠠᠷ ᠤᠯᠤᠰ ᠤᠨ | ᠬᠠᠷᠢᠯᠴᠠᠭ᠎ᠠ ᠪᠤᠯᠤᠨ ᠡᠯ᠎ᠡ ᠬᠦᠷᠢᠶᠡᠨ ᠤ ᠬᠠᠮᠳᠤᠷᠠᠯᠴᠠᠭ᠎ᠠ ᠶᠢ ᠬᠦᠳᠦᠯᠥᠨ ᠲᠠᠭᠠᠭᠤᠯᠵᠥ ᠰᠢᠨ᠎ᠡ ᠲᠡᠭᠳᠡᠷ ᠲᠤ ᠭᠠᠷᠭᠠᠨ | ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠬᠦᠯᠪᠡ᠃ ᠪᠢ ᠲᠤᠮᠳᠠᠳᠤ ᠨᠠᠮᠢᠪᠢᠶ᠎ᠠ ᠶᠢᠨ | ᠬᠠᠷᠢᠯᠴᠠᠭᠠᠨ ᠤ ᠬᠦᠭᠵᠢᠯᠳᠡ ᠶᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠥ ᠲᠤᠷᠠᠳᠠᠶ᠎ᠠ ᠶᠡᠷᠤᠩᠬᠡᠶᠢᠯᠡᠭᠴᠢ | ᠭᠧᠩᠭᠤᠪ ᠲᠠᠢ ᠬᠠᠮᠳᠤ ᠪᠠᠷ ᠴᠢᠷᠮᠡᠶᠢᠵᠥ ᠪᠠᠶᠢᠭᠠᠳ ᠬᠤᠶᠠᠷ ᠤᠯᠤᠰ ᠤᠨ ᠭᠠᠳᠠᠭᠠᠳᠦ ᠬᠠᠷᠢᠯᠴᠠᠭ᠎ᠠ ᠪᠠᠶᠢᠭᠤᠯᠤᠬᠰᠠᠠ | 30 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠥ ︽ᠨᠢᠬᠡ ᠪᠦᠰᠡ ᠨᠢᠬᠡ ᠵᠠᠮ︾ ᠢ ᠬᠠᠮᠳᠤ ᠪᠠᠷ ᠪᠦᠳᠦᠬᠡᠨ | ᠪᠠᠶᠢᠭᠤᠯᠬᠤ ᠪᠤᠯᠤᠨ ᠲᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠦᠷᠨᠢᠬᠦᠨ ᠬᠦ᠋ᠭᠵᠢᠵᠤ ᠪᠠᠶᠢᠭ᠎ᠠ ᠲᠡᠤᠬᠡᠳᠤ ᠠᠵᠠ | ᠲᠤᠬᠢᠶᠠᠯ ᠢ ᠰᠠᠶᠢᠳᠤᠷ ᠡᠵᠡᠮᠳᠡᠨ᠂ ᠤᠯᠤᠰ ᠲᠦᠷᠦ ᠶᠢᠨ ᠢᠳᠡᠬᠡᠯᠴᠡᠭᠡ ᠪᠠᠨ ᠪᠠᠬᠢᠵᠢᠬᠦᠯᠵᠥ ᠪᠤᠳᠠᠳᠠᠢ ᠶᠢ ᠡᠷᠬᠢᠮᠯᠡᠭᠰᠡᠡ | ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠤᠨ ᠰᠢᠨ᠎ᠡ ᠴᠠᠭ ᠦᠶ᠎ᠡ ᠶᠢᠨ ᠲᠤᠮᠳᠠᠳᠤ ᠨᠠᠮᠢᠪᠢᠶ᠎ᠠ ᠶᠢᠨ ᠬᠠᠷᠢᠯᠴᠠᠭᠠᠨ ᠤ | ᠬᠦᠭᠵᠢᠯᠳᠡ ᠳᠤ ᠰᠢᠨ᠎ᠡ ᠬᠦᠳᠡᠯᠬᠡᠬᠦ ᠬᠦᠴᠦᠨ ᠨᠡᠮᠡᠷᠢᠯᠡᠵᠥ ᠨᠡᠩ ᠨᠢᠬᠳᠠ ᠲᠤᠮᠳᠠᠳᠤ ᠠᠹᠷᠢᠺᠠ ᠶᠢᠨ ᠬᠤᠪᠢ | ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠳᠤ ᠬᠦᠴᠦᠨ ᠴᠢᠳᠡᠯ ᠢᠶᠠᠨ ᠡᠷᠬᠦᠨ᠎ᠡ ᠬᠡᠵᠥ ᠵᠢᠭᠠᠵᠥ ᠭᠠᠷᠭᠠᠪᠠ᠃ | | ᠭᠧᠩᠭᠤᠪ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠬᠤᠶᠠᠷ ᠤᠯᠤᠰ ᠭᠠᠳᠠᠭᠠᠳᠦ ᠬᠠᠷᠢᠯᠴᠠᠭ᠎ᠠ | ᠪᠠᠶᠢᠭᠤᠯᠤᠭᠰᠠᠨ ᠠᠴᠠ ᠨᠠᠭᠠᠰᠢ ᠪᠦᠯᠬᠦᠮᠳᠡᠬᠦ ᠪᠠ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠬᠢᠬᠦ ᠶᠢ ᠢᠮᠠᠬᠳᠠ | ᠪᠠᠷᠢᠮᠳᠠᠯᠠᠵᠥ ᠨᠠᠮᠢᠪᠢᠶ᠎ᠠ ᠲᠤᠮᠳᠠᠳᠤ ᠶᠢᠨ ᠦᠷᠭᠦᠯᠵᠢᠳᠡ ᠶᠢᠨ ᠨᠦᠬᠦᠷᠯᠡᠯ ᠴᠠᠭ ᠦᠶ᠎ᠡ ᠶᠢᠨ ᠬᠤᠪᠢᠷᠡᠯᠳᠡ ᠪᠤᠯᠤᠨ ᠪᠦᠬᠦ | ᠪᠦᠮᠪᠦᠷᠴᠡᠭ ᠤᠨ ᠴᠢᠨᠠᠷᠳᠠᠢ ᠦᠷᠢᠰᠦᠯᠳᠦᠬᠡᠨ ᠤ ᠰᠢᠯᠭᠠᠯᠳᠡ ᠶᠢ ᠲᠠᠭᠠᠭᠠᠵᠥ ᠭᠠᠷᠤᠭᠰᠠᠠ ᠪᠠᠶᠢᠨ᠎ᠠ᠃ ᠰᠢᠨ᠎ᠡ | ᠲᠡᠤᠬᠡ ᠶᠢᠨ ᠵᠠᠩᠬᠢᠯᠠᠭ᠎ᠠ ᠶᠢᠨ ᠦᠶ᠎ᠡ ᠳᠤ᠂ ᠨᠠᠮᠢᠪᠢᠶ᠎ᠠ ᠶᠢᠨ ᠬᠢᠨ ᠲᠤᠷᠠᠳᠠᠶ᠎ᠠ ᠲᠤᠮᠳᠠᠳᠤ ᠶᠢᠨ ᠲᠠᠯ᠎ᠠ ᠯᠤᠭ᠎ᠠ | ᠪᠤᠳᠠᠳᠠᠢ ᠶᠢ ᠡᠷᠬᠢᠮᠯᠡᠭᠰᠡᠡ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠥ ᠬᠤᠶᠠᠷ ᠤᠯᠤᠰ ᠤᠨ ᠬᠠᠷᠢᠯᠴᠠᠭ᠎ᠠ ᠳᠤ ᠰᠢᠨ᠎ᠡ | ᠬᠦᠳᠡᠯᠬᠡᠬᠦ ᠬᠦᠴᠦᠨ ᠨᠡᠮᠡᠷᠢᠯᠡᠵᠥ ᠡᠩᠬᠡ ᠲᠠᠶᠢᠪᠤᠩ᠂ ᠬᠦᠭᠵᠢᠨ ᠴᠡᠴᠡᠭᠯᠡᠭᠰᠡᠡ᠂ ᠠᠮᠦᠷ ᠲᠤᠭᠳᠠᠭᠤᠨ ᠬᠤᠪᠢ | ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠤᠨ᠎ᠠ᠃ ᠨᠠᠮᠢᠪᠢᠶ᠎ᠠ ᠶᠢᠨ ᠵᠠᠰᠠᠭ ᠤᠨ ᠤᠷᠳᠤᠨ ᠪᠤᠯᠤᠨ ᠠᠷᠠᠳ | ᠲᠦᠮᠡᠨ ᠲᠤᠮᠳᠠᠳᠤ ᠤᠯᠤᠰ ᠤᠨ ᠬᠢᠨ ᠤ ᠡᠷᠡᠯᠬᠡᠭᠯᠡᠨ ᠲᠡᠮᠡᠴᠡᠬᠦ ᠪᠠᠷ ᠲᠠᠮᠵᠢᠨ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠪᠦᠳᠦᠮᠵᠢᠳᠡᠢ ᠬᠢᠵᠠᠭᠠᠷᠯᠠᠨ ᠡᠵᠡᠮᠳᠡᠭᠰᠡᠡ ᠢ ᠮᠠᠭᠳᠠᠨ ᠰᠠᠶᠢᠰᠢᠶᠠᠵᠥ ᠪᠠᠶᠢᠨ᠎ᠠ᠂ | ᠲᠤᠷᠠᠳᠠᠶ᠎ᠠ ᠦᠷᠬᠦᠯᠵᠢᠯᠡᠨ ᠲᠤᠮᠳᠠᠳᠤ ᠤᠯᠤᠰ ᠯᠤᠭ᠎ᠠ ᠭᠠᠷ ᠬᠤᠯᠪᠤᠨ ᠬᠢᠵᠢᠭ ᠤᠨ ᠪᠠᠶᠢᠳᠠᠯ ᠤᠨ ᠪᠦᠬᠦ | ᠪᠦᠮᠪᠦᠷᠴᠡᠭ ᠲᠤ ᠲᠠᠷᠬᠠᠨ ᠲᠡᠯᠬᠡᠷᠡᠬᠦ ᠶᠢ ᠬᠤᠷᠢᠬᠯᠠᠨ᠎ᠠ᠃ ᠲᠡᠷᠢᠬᠦᠯᠡᠭᠴᠢ ᠰᠢ ᠶᠢᠨ ᠫᠢᠩ ᠤᠨ ᠪᠠᠳᠤ ᠴᠢᠩᠭ᠎ᠠ | ᠤᠳᠤᠷᠢᠳᠤᠯᠭ᠎ᠠ ᠲᠤᠤᠷ᠎ᠡ ᠲᠤᠮᠳᠠᠳᠤ ᠤᠯᠤᠰ ᠯᠠᠪᠳᠠᠢ ᠤᠯᠠᠮ ᠢᠯᠡᠬᠦᠤ ᠬᠦᠭᠵᠢᠨ ᠮᠠᠨᠳᠤᠬᠤ ᠶᠢ ᠢᠳᠡᠬᠡᠵᠥ ᠪᠠᠶᠢᠨ᠎ᠠ | ᠬᠡᠵᠥ ᠢᠯᠡᠳᠬᠡᠪᠡ᠃ |