ᠤᠯᠤᠰ ᠤᠨ ᠲᠡᠷᠢᠭᠦᠯᠡᠭᠴᠢ ᠰᠢ ᠶᠢᠨ ᠫᠢᠩ 23 ᠤ ᠤᠷᠤᠢ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ | ᠤᠳᠠᠰᠤ ᠪᠠᠷ ᠶᠠᠷᠢᠯᠴᠠᠪᠠ᠃ | ᠰᠢ ᠶᠢᠨ ᠫᠢᠩ᠂ ᠡᠨᠡ ᠵᠢᠯ ᠤᠨ 1 ᠰᠠᠷ᠎ᠠ ᠠᠴᠠ ᠨᠠᠭᠠᠰᠢ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠲᠠᠢ ᠲᠡᠮᠡᠴᠡᠬᠦ ᠵᠠᠩᠭᠢᠯᠠᠭ᠎ᠠ ᠶᠢᠨ ᠴᠠᠭ ᠦᠶ᠎ᠠ ᠳᠤ᠂ ᠪᠢ ᠶᠡᠷᠦᠩᠬᠡᠶᠢᠯᠡᠭᠴᠢ ᠠᠪᠤᠭᠠᠢ ᠯᠤᠭ᠎ᠠ 3 ᠤᠳᠠᠭ᠎ᠠ | ᠤᠳᠠᠰᠤ ᠨᠡᠪᠳᠡᠷᠡᠭᠰᠡᠨ ᠨᠢ ᠪᠢᠳᠡᠨ ᠤ ᠬᠤᠭᠤᠷᠤᠨᠳᠤᠬᠢ ᠳᠡᠭᠡᠳᠤ ᠬᠡᠮᠵᠢᠶᠠᠨ ᠤ ᠢᠳᠡᠭᠡᠯᠴᠡᠭᠡ ᠵᠢᠴᠢ ᠳᠤᠮᠳᠠᠳᠤ | ᠹᠷᠠᠨᠼᠢ ᠶᠢᠨ ᠬᠠᠷᠢᠯᠴᠠᠭᠠᠨ ᠤ ᠦᠨᠳᠦᠷ ᠲᠦᠪᠰᠢᠨ ᠢ ᠬᠠᠷᠠᠭᠤᠯᠵᠠᠢ᠃ ᠬᠤᠶᠠᠷ ᠤᠯᠤᠰ ᠬᠠᠷᠢᠯᠴᠠᠨ ᠦᠷᠦ ᠡᠪᠡᠳᠦᠨ | ᠳᠡᠮᠵᠢᠬᠦ ᠨᠦᠬᠦᠷᠰᠡᠭ ᠤᠯᠠᠮᠵᠢᠯᠠᠯ ᠢᠶᠠᠨ ᠪᠠᠳᠠᠷᠠᠭᠤᠯᠵᠤ᠂ ᠬᠢᠵᠢᠭ ᠢ ᠰᠡᠷᠭᠡᠶᠢᠯᠡᠬᠦ ᠡᠮᠴᠢᠯᠡᠭᠡᠨ ᠤ ᠡᠳ᠋ ᠪᠤᠳᠠᠰ ᠢᠶᠠᠷ | ᠬᠠᠷᠢᠯᠴᠠᠨ ᠲᠤᠰᠠᠯᠠᠵᠤ᠂ ᠡᠯ᠎ᠠ ᠤᠯᠤᠰ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ | ᠬᠠᠳᠠᠭᠤ ᠪᠡᠷᠬᠡᠰᠢᠶᠡᠯ ᠢ ᠬᠠᠮᠳᠦ ᠪᠠᠷ ᠲᠤᠭᠤᠯᠬᠤ ᠳᠤ ᠦᠯᠢᠭᠡᠷ ᠳᠠᠭᠤᠷᠢᠶᠠᠯ ᠦᠵᠡᠭᠦᠯᠵᠠᠢ᠃ ᠪᠢ ᠡᠸᠦ᠋ᠷᠦᠫᠠ ᠪᠤᠯᠤᠨ | ᠹᠷᠠᠨᠼᠢ ᠶᠢᠨ ᠤᠳᠤᠬᠠᠨ ᠤ ᠬᠢᠵᠢᠭ ᠤᠨ ᠪᠠᠶᠢᠳᠠᠯ ᠤᠨ ᠬᠦᠭᠵᠢᠯᠳᠡ ᠶᠢ ᠨᠢᠭᠳᠠ ᠠᠩᠬᠠᠷᠴᠤ ᠪᠠᠶᠢᠨ᠎ᠠ᠃ ᠹᠷᠠᠨᠼᠢ | ᠤᠳᠤ ᠶᠠᠭ ᠠᠯᠢ ᠤᠯᠠᠨ ᠢᠳᠡᠪᠬᠢᠳᠠᠢ ᠪᠦᠲᠦᠮᠵᠢᠳᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠬᠡᠷᠡᠭᠵᠢᠭᠦᠯᠵᠤ | ᠪᠠᠶᠢᠨ᠎ᠠ᠂ ᠪᠢ ᠹᠷᠠᠨᠼᠢ ᠶᠢᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠳᠤ ᠴᠢᠩ ᠰᠡᠳᠭᠢᠯ ᠤᠨ | ᠲᠤᠬᠤᠨᠢᠭᠤᠯᠤᠯ ᠳᠡᠪᠰᠢᠭᠦᠯᠬᠦ ᠶᠢᠨ ᠬᠠᠮᠳᠤ ᠡᠷᠡᠰ ᠳᠡᠮᠵᠢᠵᠤ ᠪᠠᠶᠢᠬᠤ ᠪᠠᠨ ᠢᠯᠡᠳᠭᠡᠶ᠎ᠠ᠃ ᠳᠤᠮᠳᠠᠳᠤ ᠶᠢᠨ ᠲᠠᠯ᠎ᠠ | ᠳᠤᠷᠠᠳᠠᠶ᠎ᠠ ᠦᠷᠭᠦᠯᠵᠢᠯᠡᠨ ᠹᠷᠠᠨᠼᠢ ᠳᠤ ᠠᠯᠢ ᠪᠤᠯᠬᠤᠢᠢᠴᠠ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠨ᠎ᠠ ᠭᠡᠵᠤ | ᠴᠢᠬᠤᠯᠠᠴᠢᠯᠠᠵᠠᠢ᠃ | ᠰᠢ ᠶᠢᠨ ᠫᠢᠩ ᠯᠠᠪᠯᠠᠭ᠎ᠠ ᠪᠠᠷ ᠳᠤᠮᠳᠠᠳᠤ ᠶᠢᠨ ᠲᠠᠯ᠎ᠠ ᠶᠢᠨ ᠬᠢᠵᠢᠭ ᠢ ᠰᠡᠷᠭᠡᠶᠢᠯᠡᠨ ᠡᠵᠡᠮᠳᠡᠵᠤ ᠪᠠᠶᠢᠭ᠎ᠠ | ᠪᠠᠶᠢᠳᠠᠯ ᠢ ᠲᠠᠨᠢᠯᠴᠠᠭᠤᠯᠵᠤ᠂ ᠳᠤᠮᠳᠠᠳᠤ ᠹᠷᠠᠨᠼᠢ ᠳᠡᠯᠡᠬᠡᠢ ᠶᠢᠨ ᠪᠠ ᠭᠠᠵᠠᠷ ᠤᠷᠤᠨ ᠤ ᠤᠯᠠᠨ ᠨᠡᠶᠢᠳᠡ ᠶᠢᠨ ᠡᠷᠡᠭᠦᠯ | ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠬᠤ ᠬᠦᠨᠳᠤ ᠡᠭᠦᠷᠭᠡ ᠶᠢ ᠬᠠᠮᠳᠦ ᠪᠠᠷ ᠡᠭᠦᠷᠭᠡᠯᠡᠵᠤ ᠪᠠᠶᠢᠨ᠎ᠠ᠂ ᠬᠤᠶᠠᠷ | ᠲᠠᠯ᠎ᠠ ᠪᠠᠷ ᠢᠶᠠᠨ ᠴᠢᠩ ᠰᠡᠳᠬᠢᠯ ᠠᠴᠠ ᠪᠠᠨ ᠬᠠᠮᠳᠤᠷᠠᠯᠴᠠᠵᠤ᠂ ᠬᠠᠮᠳᠤᠷᠠᠭᠰᠠᠨ ᠰᠤᠳᠤᠯᠭᠠᠨ ᠤ ᠲᠦᠷᠦᠯ ᠵᠦᠢᠯ ᠢ | ᠠᠬᠢᠭᠤᠯᠵᠤ᠂ ᠬᠢᠯᠢ ᠶᠢᠨ ᠡᠷᠡᠭᠦᠯ ᠬᠠᠮᠠᠭᠠᠯᠠᠯ ᠬᠢᠵᠢᠭ ᠤᠨ ᠪᠠᠶᠢᠴᠠᠭᠠᠯᠳᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠤ | ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠠᠵᠢᠯ ᠢ ᠳᠡᠮᠵᠢᠵᠤ᠂ ᠠᠹᠷᠢᠺᠠ ᠲᠢᠪ ᠤᠨ | ᠤᠯᠤᠰ ᠤᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠠᠮᠳᠦ ᠪᠠᠷ ᠬᠠᠪᠰᠤᠷᠴᠤ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠬᠠᠮᠳᠦ ᠶᠢᠨ ᠴᠤᠭᠴᠠ ᠶᠢ ᠴᠢᠷᠮᠠᠶᠢᠨ ᠪᠠᠶᠢᠭᠤᠯᠪᠠᠯ ᠵᠤᠬᠢᠨ᠎ᠠ᠃ ᠳᠤᠮᠳᠠᠳᠤ ᠶᠢᠨ ᠲᠠᠯ᠎ᠠ | ᠳᠤᠷᠠᠳᠠᠶ᠎ᠠ ᠹᠷᠠᠨᠼᠢ ᠶᠢᠨ ᠲᠠᠯ᠎ᠠ ᠲᠠᠢ ᠬᠠᠮᠳᠦ ᠪᠠᠷ ᠡᠯ᠎ᠠ ᠲᠠᠯ᠎ᠠ ᠶᠢᠨ ᠬᠢᠨ ᠤ ᠤᠯᠠᠨ ᠤᠯᠤᠰ ᠤᠨ ᠬᠤᠯᠪᠤᠭᠠᠳᠤ | ᠪᠠᠶᠢᠭᠤᠯᠭ᠎ᠠ᠂ ᠬᠤᠷᠢᠨ ᠤᠯᠤᠰ ᠤᠨ ᠪᠦᠯᠦᠭᠯᠡᠯ ᠵᠡᠷᠭᠡ ᠪᠤᠷᠤ ᠲᠦᠯᠦᠪ ᠤᠨ ᠳᠤᠳᠤᠷ᠎ᠠ ᠬᠠᠮᠵᠢᠯᠴᠠᠨ | ᠬᠠᠮᠳᠤᠷᠠᠯᠴᠠᠬᠤ ᠪᠠᠨ ᠴᠢᠩᠭᠠᠳᠬᠠᠬᠤ ᠶᠢ ᠠᠬᠢᠭᠤᠯᠵᠤ᠂ ᠬᠤᠯᠪᠤᠭᠠᠯᠠᠨ ᠰᠡᠷᠭᠡᠶᠢᠯᠡᠵᠤ ᠬᠤᠯᠪᠤᠭᠠᠯᠠᠨ ᠡᠵᠡᠮᠳᠡᠨ᠂ | ᠪᠦᠬᠦ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠠᠰᠠᠯᠳᠠ ᠶᠢ ᠲᠡᠭᠦᠯᠳᠡᠷᠵᠢᠭᠦᠯᠵᠤ᠂ ᠬᠦᠭᠵᠢᠵᠤ ᠪᠠᠶᠢᠭ᠎ᠠ ᠤᠯᠤᠰ ᠪᠤᠯᠤᠨ | ᠪᠤᠰᠤᠳ ᠬᠡᠷᠡᠭᠴᠡᠭᠡ ᠲᠠᠢ ᠤᠯᠤᠰ ᠢ ᠬᠠᠪᠰᠤᠷᠤᠨ ᠴᠢᠳᠠᠪᠤᠷᠢ ᠶᠢᠨ ᠪᠠᠶᠢᠭᠤᠯᠤᠯᠳᠠ ᠶᠢ ᠨᠢ ᠴᠢᠩᠭᠠᠳᠬᠠᠵᠤ᠂ | ᠬᠢᠵᠢᠭ ᠤᠨ ᠪᠠᠶᠢᠳᠠᠯ ᠤᠨ ᠳᠡᠯᠡᠬᠡᠢ ᠶᠢᠨ ᠠᠵᠤ ᠠᠬᠤᠢ ᠳᠤ ᠦᠵᠡᠭᠦᠯᠦᠭᠰᠡᠨ ᠳᠠᠭᠠᠷᠢᠯᠳᠠ ᠶᠢ ᠡᠰᠡᠷᠭᠦᠴᠡᠨ᠂ | ᠬᠠᠮᠳᠤᠷᠠᠯᠴᠠᠭᠠᠨ ᠤ ᠭᠡᠷᠡᠯ ᠭᠡᠭᠡ ᠪᠠᠷ ᠬᠢᠵᠢᠭ ᠤᠨ ᠪᠠᠶᠢᠳᠠᠯ ᠤᠨ ᠮᠠᠨᠠᠨ ᠬᠦᠳᠡᠩ ᠢ ᠠᠷᠢᠯᠭᠠᠨ᠎ᠠ ᠭᠡᠵᠤ | ᠴᠢᠬᠤᠯᠠᠴᠢᠯᠠᠪᠠ᠃ | ᠮᠠᠶᠢᠺᠷᠤᠨ ᠹᠷᠠᠨᠼᠢ ᠶᠢᠨ ᠤᠯᠤᠰ ᠤᠨ ᠲᠤᠳᠤᠭᠠᠳᠦ ᠶᠢᠨ ᠤᠳᠤᠬᠠᠨ ᠤ ᠬᠢᠵᠢᠭ ᠤᠨ ᠪᠠᠶᠢᠳᠠᠯ ᠵᠢᠴᠢ ᠠᠪᠴᠤ | ᠪᠠᠶᠢᠭ᠎ᠠ ᠬᠤᠯᠪᠤᠭᠳᠠᠯ ᠪᠦᠬᠦᠢ ᠠᠷᠭ᠎ᠠ ᠬᠡᠮᠵᠢᠶ᠎ᠠ ᠶᠢ ᠲᠠᠨᠢᠯᠴᠠᠭᠤᠯᠪᠠ᠃ ᠮᠠᠶᠢᠺᠷᠤᠨ᠂ ᠳᠤᠮᠳᠠᠳᠤ ᠤᠯᠤᠰ ᠤᠨ | ᠵᠠᠰᠠᠭ ᠤᠨ ᠤᠷᠳᠤᠨ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠯᠤᠳᠤ ᠶᠡᠭᠡ ᠰᠦᠰᠦ ᠵᠤᠷᠢᠭ ᠪᠠ ᠡᠷᠡᠰ | ᠰᠢᠭᠤᠷᠬᠠᠢ ᠠᠷᠭ᠎ᠠ ᠬᠡᠮᠵᠢᠶ᠎ᠠ ᠪᠠᠷ ᠤᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠪᠦᠲᠦᠮᠵᠢᠳᠠᠢ | ᠡᠵᠡᠮᠳᠡᠭᠰᠡᠨ ᠢ ᠪᠢ ᠳᠡᠭᠡᠳᠤ ᠬᠡᠮᠵᠢᠶ᠎ᠠ ᠪᠠᠷ ᠮᠠᠭᠳᠠᠨ ᠰᠠᠶᠢᠰᠢᠶᠠᠵᠤ ᠪᠠᠶᠢᠬᠤ ᠪᠠᠨ ᠢᠯᠡᠳᠭᠡᠶ᠎ᠠ᠃ ᠹᠷᠠᠨᠼᠢ ᠶᠢᠨ | ᠲᠠᠯ᠎ᠠ ᠶᠢᠨ ᠬᠢᠨ ᠳᠤᠮᠳᠠᠳᠤ ᠶᠢᠨ ᠲᠠᠯ᠎ᠠ ᠶᠢᠨ ᠬᠠᠩᠭᠠᠭᠰᠠᠨ ᠡᠷᠬᠢᠮ ᠨᠠᠨᠳᠢᠨ ᠳᠡᠮᠵᠢᠯᠭᠡ ᠪᠠ ᠬᠠᠪᠰᠤᠷᠤᠯᠭ᠎ᠠ ᠳᠤ ᠴᠢᠩ | ᠰᠡᠳᠭᠢᠯ ᠠᠴᠠ ᠪᠠᠨ ᠲᠠᠯᠠᠷᠬᠠᠵᠤ ᠪᠠᠶᠢᠨ᠎ᠠ᠃ ᠹᠷᠠᠨᠼᠢ ᠳᠤᠷᠠᠳᠠᠶ᠎ᠠ ᠳᠤᠮᠳᠠᠳᠤ ᠤᠯᠤᠰ ᠲᠠᠢ ᠬᠤᠶᠠᠷ ᠲᠠᠯ᠎ᠠ ᠶᠢᠨ | ᠡᠷᠡᠭᠦᠯ ᠬᠠᠮᠠᠭᠠᠯᠠᠯ ᠤᠨ ᠬᠠᠮᠳᠤᠷᠠᠯᠴᠠᠭ᠎ᠠ ᠦᠷᠨᠢᠭᠦᠯᠬᠦ ᠶᠢᠨ ᠬᠠᠮᠳᠤ ᠡᠯ᠎ᠠ ᠲᠠᠯ᠎ᠠ ᠶᠢᠨ ᠬᠢᠨ ᠤ ᠬᠤᠷᠢᠨ ᠤᠯᠤᠰ ᠤᠨ | ᠪᠦᠯᠦᠭᠯᠡᠯ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠵᠡᠷᠭᠡ ᠤᠯᠠᠨ ᠲᠠᠯᠠᠳᠤ ᠪᠤᠷᠤ | ᠲᠦᠯᠦᠪ ᠤᠨ ᠲᠤᠳᠤᠷᠠᠬᠢ ᠬᠠᠮᠳᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠭᠠᠷ ᠬᠤᠯᠪᠤᠨ ᠬᠢᠵᠢᠭ ᠢ | ᠳᠠᠶᠢᠯᠠᠨ ᠢᠯᠠᠵᠤ᠂ ᠬᠢᠵᠢᠭ ᠤᠨ ᠪᠠᠶᠢᠳᠠᠯ ᠤᠨ ᠳᠡᠯᠡᠬᠡᠢ ᠶᠢᠨ ᠠᠵᠤ ᠠᠬᠤᠢ ᠳᠤ ᠦᠵᠡᠭᠦᠯᠦᠭᠰᠡᠨ ᠳᠠᠭᠠᠷᠢᠯᠳᠠ ᠶᠢ | ᠠᠷᠭᠠᠴᠠᠭᠠᠨ᠎ᠠ ᠭᠡᠵᠤ ᠢᠯᠡᠳᠭᠡᠪᠡ᠃ | ᠬᠤᠶᠠᠷ ᠤᠯᠤᠰ ᠤᠨ ᠲᠡᠷᠢᠭᠦᠨ ᠨᠢᠭᠳᠠ ᠤᠯᠤᠯᠴᠠᠭ᠎ᠠ ᠪᠠᠨ ᠪᠠᠳᠤᠯᠠᠵᠤ᠂ ᠬᠤᠶᠠᠷ ᠲᠠᠯ᠎ᠠ ᠶᠢᠨ ᠡᠯ᠎ᠠ | ᠬᠦᠷᠢᠶᠡᠨ ᠤ ᠶᠠᠪᠤᠯᠴᠠᠭ᠎ᠠ ᠬᠠᠮᠳᠤᠷᠠᠯᠴᠠᠭ᠎ᠠ ᠶᠢ ᠠᠬᠢᠭᠤᠯᠤᠨ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠦᠷᠭᠦᠯᠵᠢᠯᠡᠨ | ᠦᠨᠳᠦᠷ ᠲᠦᠪᠰᠢᠨ ᠢᠶᠠᠷ ᠤᠷᠤᠭᠰᠢ ᠬᠦᠭᠵᠢᠬᠦ ᠶᠢ ᠪᠠᠳᠤᠯᠠᠵᠤ᠂ ᠳᠤᠮᠳᠠᠳᠤ ᠹᠷᠠᠨᠼᠢ᠂ ᠳᠤᠮᠳᠠᠳᠤ ᠡᠸᠦ᠋ᠷᠦᠫᠠ ᠶᠢᠨ | ᠠᠵᠤ ᠦᠢᠯᠡᠰ ᠤᠨ ᠬᠡᠯᠬᠢᠶ᠎ᠠ᠂ ᠬᠠᠩᠭᠠᠯᠭ᠎ᠠ ᠶᠢᠨ ᠬᠡᠯᠬᠢᠶ᠎ᠠ ᠶᠢᠨ ᠲᠤᠭᠳᠠᠭᠤᠨ ᠢ ᠬᠠᠮᠠᠭᠠᠯᠠᠬᠤ ᠪᠠᠷ ᠰᠠᠨᠠᠯ ᠨᠢᠭᠡᠳᠪᠠ᠃ | |