ᠬᠠᠪᠤᠷ ᠤᠨ ᠤᠷᠢᠨ ᠳᠤ ᠴᠡᠴᠡᠭ ᠳᠡᠯᠭᠡᠷᠡᠵᠦ ᠨᠡᠭᠦᠳᠡᠯ ᠤᠨ ᠰᠢᠪᠠᠭᠤᠳ ᠪᠤᠴᠠᠨ ᠢᠷᠡᠯ᠎ᠡ
ᠨᠡᠶᠢᠲᠡᠯᠡᠭᠰᠡᠨ ᠴᠠᠭ᠄
2020-03-27
     ᠬᠠᠪᠤᠷ ᠤᠨ ᠤᠷᠢᠨ ᠰᠠᠭᠠᠳᠠᠵᠤ ᠬᠠᠮᠤᠭ ᠪᠤᠳᠠᠰ ᠠᠮᠢᠯᠠᠨ ᠲᠦᠯᠵᠢᠭᠰᠡᠨ ᠡᠨᠡᠬᠦ ᠪᠡᠯᠬᠡᠳᠦ ᠤᠯᠠᠷᠢᠯ ᠮᠦᠨᠴᠦ ᠨᠡᠬᠦᠳᠡᠯ ᠤᠨ ᠰᠢᠪᠠᠭᠤᠳ ᠤᠨ ᠴᠡᠩᠬᠡᠯᠳᠤ ᠮᠦᠴᠡ ᠪᠢᠯᠠ᠃ ᠤᠷᠴᠢᠮᠬᠠᠨ ᠮᠠᠨ ᠤ ᠬᠤᠰᠢᠭᠤᠨ ᠳᠤ ᠪᠠᠶᠢᠭ᠎ᠠ ᠥᠪᠥᠷ ᠮᠣᠩᠭᠤᠯ ᠤᠨ ᠰᠢᠷᠬᠤᠰᠤ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠠᠭᠠᠯᠠᠯᠲᠠ ᠶᠢᠨ ᠣᠷᠣᠨ ᠳᠤ ᠬᠥᠬᠡ ᠳᠡᠭᠡᠯᠡᠶ᠂ ᠴᠠᠭᠠᠨ ᠳᠡᠭᠡᠯᠡᠶ᠂ ᠯᠠᠮ᠎ᠠ ᠰᠢᠪᠠᠭᠤ ᠵᠡᠷᠭᠡ ᠲᠦᠮᠡ ᠲᠠᠪᠤᠨ ᠮᠢᠩᠭ᠎ᠠ ᠭᠠᠷᠤᠶ ᠨᠡᠭᠦᠳᠡᠯ ᠤᠨ ᠰᠢᠪᠠᠭᠤᠳ ᠰᠦᠷᠦᠭᠯᠡᠨ ᠪᠠᠭᠤᠵᠤ ᠤᠰᠤᠨ ᠳᠤ ᠰᠡᠯᠢᠨ ᠣᠭᠲᠠᠷᠭᠤᠢ ᠳᠤ ᠳᠡᠭᠦᠯᠢᠵᠦ ᠢᠳᠡᠰᠢ ᠡᠷᠢᠨ ᠨᠠᠭᠠᠳᠬᠤ ᠨᠢ ᠡᠬᠡ ᠲᠡᠯᠡᠬᠡᠢ ᠶᠢ ᠡᠳᠡᠬᠡᠳ ᠦᠵᠡᠮᠵᠢ ᠪᠠᠷ ᠴᠢᠮᠠᠵᠤ ᠠᠮᠢᠵᠢᠷᠠᠯ ᠤᠨ ᠬᠦᠴᠦᠨ ᠪᠢᠯᠬᠠᠭᠤᠯᠵᠤ ᠬᠠᠪᠤᠷ ᠤᠨ ᠤᠯᠠᠷᠢᠯ ᠤᠨ ᠥᠪᠡᠷᠮᠢᠴᠡ ᠦᠵᠡᠮᠵᠢ ᠶᠢ ᠪᠦᠷᠢᠯᠳᠦᠭᠦᠯᠵᠦ ᠪᠠᠶᠢᠯ᠎ᠠ᠃
     ᠬᠥᠬᠡ ᠳᠡᠭᠡᠯᠡᠶ ᠶᠢ ᠪᠠᠰᠠ ᠰᠠᠭᠠᠷᠠᠯ ᠳᠡᠭᠡᠯᠡᠶ ᠭᠡᠳᠡᠭ᠂ ᠧᠦ᠋ᠷᠣᠫᠠ ᠠᠽᠢᠶ᠎ᠠ ᠶᠢᠨ ᠡᠬᠡ ᠬᠠᠭᠤᠷᠠᠶ ᠪᠠ ᠠᠹᠷᠢᠺᠠ ᠲᠢᠪ ᠤᠨ ᠡᠬᠡ ᠭᠠᠵᠠᠷ ᠤᠨ ᠴᠢᠭᠢᠭᠯᠢᠭ ᠭᠠᠵᠠᠷ ᠲᠤ ᠦᠷᠭᠦᠯᠵᠢ ᠬᠠᠷᠠᠭᠳᠠᠳᠠᠭ ᠤᠰᠤᠨ ᠰᠢᠪᠠᠭᠤ ᠪᠣᠯᠤᠨ᠎ᠠ ᠃ ᠠᠮᠢ ᠠᠬᠤᠶ ᠣᠷᠴᠢᠨ ᠲᠣᠭᠤᠷᠢᠨ ᠤ ᠰᠠᠶᠢᠵᠢᠷᠠᠯᠲᠠ ᠠᠴᠠ ᠪᠣᠯᠵᠣ᠂ ᠡᠨᠡ ᠬᠡᠳᠦᠨ ᠵᠢᠯ ᠬᠥᠬᠡ ᠳᠡᠭᠡᠯᠡᠶ ᠥᠪᠥᠷ ᠮᠣᠩᠭᠤᠯ ᠤᠨ ᠰᠢᠷᠬᠤᠰᠤ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ᠰᠠᠭᠤᠷᠢᠰᠢᠬᠤ ᠪᠤᠯᠤᠯ᠎ᠠ᠃ ᠡᠨᠡ ᠬᠠᠪᠤᠷ ᠠᠳᠡ 600 ᠬᠥᠬᠡ ᠳᠡᠭᠡᠯᠡᠶ ᠰᠠᠭᠠᠳᠠᠵᠤ ᠣᠳᠣ  ᠨᠢᠭᠡᠨᠲᠡ 300 ᠭᠠᠷᠤᠢ ᠲᠡᠭᠳᠡᠭᠡᠬᠡᠢ ᠲᠡᠭᠳᠡᠭᠡᠯᠡᠪᠡ᠃ ᠥᠪᠥᠷ ᠮᠣᠩᠭᠤᠯ ᠤᠨ ᠰᠢᠷᠬᠤᠰᠤ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶᠠᠨ ᠤ ᠭᠤᠷᠪᠠᠨ ᠰᠠᠷ᠎ᠠ ᠶᠢᠨ ᠡᠬᠢ ᠠᠴᠠ ᠣᠲᠣ ᠪᠤᠯᠳᠠᠯᠠᠬᠢ ᠪᠦᠷᠢᠳᠬᠡᠯ ᠢᠶᠠᠷ᠂ ᠠᠯᠲᠠᠨ ᠪᠦᠷᠭᠦᠳ᠂ ᠬᠥᠬᠡ ᠳᠡᠭᠡᠯᠡᠶ᠂ ᠴᠠᠭᠠᠨ ᠳᠡᠭᠡᠯᠡᠶ᠂ ᠯᠠᠮ᠎ᠠ ᠰᠢᠪᠠᠭᠤ ᠵᠡᠷᠭᠡ ᠠᠷᠪᠠᠨ ᠬᠡᠳᠦᠨ ᠵᠦᠶᠯ ᠤᠨ ᠲᠦᠮᠡ ᠲᠠᠪᠤᠨ ᠮᠢᠩᠭ᠎ᠠ ᠭᠠᠷᠤᠶ ᠬᠤᠪᠣᠷ ᠴᠤᠬᠠᠭ ᠰᠢᠪᠠᠭᠤᠳ ᠨᠡᠬᠦᠳᠡᠯᠯᠡᠵᠤ ᠢᠷᠡᠭᠰᠡᠨ ᠬᠡᠨ᠎ᠠ᠃
     ᠮᠤᠤᠠᠤᠰᠤ ᠶᠢᠨ ᠡᠯᠡᠰᠦᠷᠬᠡᠭ ᠭᠠᠵᠠᠷ ᠤᠨ ᠵᠡᠭᠦᠨ ᠡᠮᠦᠨᠡᠲᠦ ᠬᠡᠰᠡᠭ ᠤᠨ ᠰᠢᠷᠬᠤᠰᠤᠨ ᠭᠤᠣᠯ ᠡᠯᠪᠡᠭ ᠪᠠᠶᠠᠯᠢᠭ ᠤᠰᠤᠨ ᠣᠷᠣᠨ ᠪᠠ ᠨᠤᠭᠤ ᠭᠠᠵᠠᠷ ᠤᠨ ᠡᠬᠢ ᠪᠠᠶᠠᠯᠢᠭ ᠲᠠᠢ ᠲᠤᠯᠠ ᠮᠠᠨ ᠤ ᠤᠯᠤᠰ ᠤᠨ ᠨᠡᠭᠦᠳᠡᠯ ᠤᠨ ᠰᠢᠪᠠᠭᠤᠳ ᠤᠨ ᠥᠷᠲᠡᠭᠡᠯᠡᠬᠦ᠂ ᠡᠪᠦᠯᠵᠢᠬᠦ᠂ ᠦᠷᠡᠵᠢᠬᠦ ᠭᠠᠵᠠᠷ ᠤᠨ ᠨᠢᠭᠡ ᠪᠣᠯᠵᠠᠢ᠃ ᠥᠪᠥᠷ ᠮᠣᠩᠭᠤᠯ ᠤᠨ ᠰᠢᠷᠬᠤᠰᠤ ᠤᠯᠤᠰ ᠤᠨ ᠨᠤᠭᠤ ᠭᠠᠵᠠᠷ ᠤᠨ ᠴᠡᠴᠡᠷᠯᠢᠭ᠂ ᠣᠶᠢᠷ᠎ᠠ ᠶᠢᠨ ᠵᠢᠯ ᠠᠴᠠ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠪᠠᠨ ᠴᠢᠩᠭᠠᠳᠬᠠᠵᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠪᠣᠬᠢᠷᠳᠤᠯ ᠦᠭᠡᠢ ᠪᠠᠶᠢᠬᠤ ᠶᠢ ᠪᠠᠳᠤᠯᠠᠭᠰᠠᠭᠠᠷ ᠢᠷᠡᠵᠡᠢ᠃ ᠡᠭᠦᠨ ᠤ ᠬᠠᠮᠳᠤ ᠬᠠᠪᠤᠷ ᠤᠨ ᠤᠯᠠᠷᠢᠯ ᠤᠨ ᠨᠡᠭᠦᠳᠡᠯ ᠤᠨ ᠰᠢᠪᠠᠭᠤᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠠᠵᠢᠯᠲᠠᠳ ᠢᠶᠠᠨ ᠵᠣᠬᠢᠶᠠᠨ ᠪᠠᠶᠢᠭᠤᠯᠤᠨ ᠬᠠᠷᠢᠶ᠎ᠠ ᠣᠷᠣᠨ ᠳᠠᠬᠢ ᠬᠢᠨᠠᠨ ᠬᠡᠮᠵᠢᠬᠦ ᠠᠵᠢᠯ ᠎ ᠢ ᠥᠷᠨᠢᠭᠦᠯᠵᠦ ᠨᠡᠭᠦᠳᠡᠯ ᠤᠨ ᠰᠢᠪᠠᠭᠤᠳ ᠲᠤ ᠲᠠᠭᠠᠯᠠᠮᠵᠢᠲᠠᠶ ᠣᠷᠴᠢᠨ ᠲᠣᠭᠤᠷᠢᠨ ᠢ ᠪᠣᠶ ᠪᠣᠯᠭᠠᠵᠤ ᠬᠠᠮᠠᠭᠠᠯᠠᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号