ᠭᠠᠯᠠᠭᠤᠲᠣ ᠪᠠᠯᠭᠠᠰᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠲᠤᠯᠬᠤ ᠠᠵᠢᠯ ᠢ ᠪᠦᠬᠦ ᠳᠠᠯ᠎ᠠ ᠪᠠᠷ ᠪᠠᠶᠢᠴᠠᠭᠠᠨ ᠤᠶᠢᠯᠠᠭᠠᠬᠤ ᠠᠵᠢᠯ ᠢ ᠦᠷᠨᠢᠬᠦᠯᠪᠡ
ᠨᠡᠶᠢᠲᠡᠯᠡᠭᠰᠡᠨ ᠴᠠᠭ᠄
2020-03-27
     3 ᠰᠠᠷ᠎ᠠ ᠶᠢᠨ 25 ᠤ ᠡᠳᠦᠷ᠂ ᠭᠠᠯᠠᠭᠤᠲᠣ ᠪᠠᠯᠭᠠᠰᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠲᠤᠯᠬᠤ ᠠᠵᠢᠯ ᠢ ᠪᠦᠬᠦ ᠳᠠᠯ᠎ᠠ ᠪᠠᠷ ᠪᠠᠶᠢᠴᠠᠭᠠᠨ ᠤᠶᠢᠯᠠᠭᠠᠬᠤ ᠠᠵᠢᠯ ᠢ ᠰᠠᠷᠠᠭᠤᠯᠨᠣᠳᠤᠭ ᠭᠠᠴᠠᠭᠠᠨ ᠳᠤ ᠦᠷᠨᠢᠬᠦᠯᠦᠭᠰᠡᠨ ᠪᠠᠶᠢᠨ᠎ᠠ᠃      ᠰᠠᠷᠠᠭᠤᠯᠨᠣᠳᠤᠭ ᠭᠠᠴᠠᠭᠠᠨ ᠳᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠲᠤᠯᠬᠤ ᠠᠵᠢᠯ ᠢ ᠪᠦᠬᠦ ᠳᠠᠯ᠎ᠠ ᠪᠠᠷ ᠪᠠᠶᠢᠴᠠᠭᠠᠨ ᠤᠶᠢᠯᠠᠭᠠᠬᠤ ᠠᠵᠢᠯ ᠢ ᠵᠣᠬᠢᠴᠠᠭᠤᠯᠬᠤ ᠬᠤᠷᠠᠯ ᠢ ᠬᠤᠷᠠᠯᠳᠤᠭᠤᠯᠵᠤ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ᠂ ᠬᠤᠰᠢᠭᠤ ᠶᠠᠳᠠᠭᠤ ᠶᠢ ᠳᠡᠳᠬᠦᠬᠦ ᠠᠯᠪᠠᠨ ᠬᠡᠷ᠂ ᠭᠠᠯᠠᠭᠤᠲᠣ ᠪᠠᠯᠭᠠᠰᠣ ᠵᠢᠴᠢ ᠡᠯ᠎ᠡ ᠭᠠᠴᠠᠭ᠎ᠠ ᠳᠣᠰᠬᠤᠨ ᠢ ᠳᠠᠭᠠᠭᠠᠴᠢᠯᠠᠨ ᠬᠤᠯᠪᠣᠭᠠᠯᠠᠵᠦ ᠪᠠᠶᠢᠭ᠎ᠠ ᠬᠠᠷᠢᠭᠤᠴᠠᠯᠭᠠᠳᠠᠳ᠂ ᠨᠢᠬᠡᠳᠦᠬᠡᠷ ᠱᠦᠵᠢ᠂ ᠺᠠᠳ᠋ᠷᠴᠣᠳ᠂ ᠶᠠᠳᠠᠭᠤ ᠶᠢ ᠳᠡᠳᠬᠦᠬᠦ ᠠᠵᠢᠯᠳᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠠᠶᠢᠳᠠᠯ ᠢ ᠪᠠᠶᠢᠴᠠᠭᠠᠨ ᠤᠶᠢᠯᠠᠭᠠᠬᠤ ᠠᠵᠢᠯᠳᠠᠳ ᠤᠨ ᠭᠠᠴᠠᠭ᠎ᠠ ᠳᠣᠰᠬᠤᠨ ᠤ ᠮᠡᠳᠡᠭᠡ ᠵᠠᠩᠬᠢ ᠶᠢ ᠬᠢᠨᠠᠨ ᠪᠠᠶᠢᠴᠠᠭᠠᠬᠤ᠂ ᠳᠠᠩᠰᠠ ᠪᠠᠶᠢᠭᠤᠯᠤᠨ ᠺᠠᠷᠲ᠋ᠠᠯᠠᠭᠰᠠᠨ ᠶᠠᠳᠠᠭᠤ ᠬᠦᠴᠢᠷᠳᠡᠯᠳᠡᠢ ᠡᠷᠦᠬᠡ ᠶᠢ ᠬᠠᠷᠭᠤᠭᠤᠯᠤᠨ ᠪᠠᠶᠢᠴᠠᠭᠠᠬᠤ᠂ ᠶᠠᠳᠠᠭᠤ ᠬᠦᠴᠢᠷᠳᠡᠯᠲᠠᠢ ᠡᠷᠦᠬᠡ ᠶᠢᠨ ᠪᠠᠷᠢᠮᠵᠢᠶᠠᠨ ᠳᠤ ᠤᠶᠢᠷᠠᠲᠤᠵᠤ ᠪᠠᠶᠢᠭ᠎ᠠ ᠡᠷᠦᠬᠡ ᠶᠢᠨ ᠮᠡᠳᠡᠭᠡ ᠵᠠᠩᠬᠢ ᠶᠢ ᠬᠠᠷᠭᠤᠭᠤᠯᠤᠨ ᠪᠠᠶᠢᠴᠠᠭᠠᠬᠤ ᠵᠡᠷᠬᠡ ᠠᠵᠢᠯ ᠳᠤ ᠳᠠᠬᠢᠨ ᠳᠣᠬᠢᠷᠠᠭᠤᠯᠣᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠬᠤᠷᠠᠯ ᠤᠨ ᠳᠠᠷᠠᠭ᠎ᠠ ᠳᠣᠯᠣᠭᠠᠨ ᠳᠣᠭᠤᠶᠢᠯᠠᠩ ᠬᠤᠪᠢᠶᠠᠵᠦ ᠰᠠᠷᠠᠭᠤᠯᠨᠣᠳᠤᠭ ᠭᠠᠴᠠᠭᠠᠨ ᠤ 20 ᠶᠠᠳᠠᠭᠤ ᠬᠦᠴᠢᠷᠳᠡᠯᠳᠡᠢ ᠡᠷᠦᠬᠡ ᠳᠤ ᠬᠦᠨᠵᠡᠬᠡᠶᠢᠷᠡᠵᠦ ᠪᠠᠶᠢᠳᠠᠯ ᠢ ᠣᠶᠢᠯᠠᠭᠠᠪᠠ᠃      ᠶᠠᠳᠠᠭᠤ ᠬᠦᠴᠢᠷᠳᠡᠯᠳᠡᠢ ᠡᠷᠦᠬᠡ ᠶᠢᠨ ᠳᠤ ᠪᠠᠶᠠᠨᠴᠡᠩᠬᠡᠯ ᠳᠡᠳᠡᠨ ᠤ ᠠᠮᠢᠳᠣᠷᠠᠯ ᠦᠢᠯᠡᠳᠪᠦᠷᠢᠯᠡᠯ ᠤᠨ ᠪᠠᠶᠢᠳᠠᠯ ᠢ ᠠᠰᠠᠭᠤᠨ ᠣᠶᠢᠯᠠᠭᠠᠬᠤ ᠶᠢᠨ ᠬᠠᠮᠲᠣ ᠶᠠᠳᠠᠭᠤ ᠶᠢ ᠳᠡᠳᠬᠦᠬᠦ ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢ ᠣᠬᠠᠭᠤᠯᠣᠨ ᠳᠠᠶᠢᠯᠪᠣᠷᠢᠯᠠᠵᠦ ᠳᠡᠳᠡᠨ ᠢ ᠢᠳᠡᠭᠡᠯ ᠵᠣᠷᠢᠭ ᠲᠠᠢ ᠪᠠᠷ ᠵᠣᠯ ᠵᠢᠷᠭᠠᠯᠲᠣ ᠠᠮᠢᠳᠣᠷᠠᠯ ᠢᠶᠠᠨ ᠴᠣᠭᠴᠠᠯᠠᠬᠤ  ᠶᠢ ᠵᠣᠷᠢᠭᠵᠢᠭᠤᠯᠪᠠ᠃      ᠪᠠᠶᠢᠳᠠᠯ ᠢ ᠣᠶᠢᠯᠠᠭᠠᠬᠤ ᠳᠣᠭᠤᠶᠢᠯᠠᠩ ᠠᠴᠠ ᠶᠠᠳᠠᠭᠤ ᠬᠦᠴᠢᠷᠳᠡᠯᠳᠡᠢ ᠡᠷᠦᠬᠡ ᠶᠢᠨ ᠡᠷᠡᠬᠦᠯ ᠴᠢᠬᠢᠷᠠᠭ ᠤᠨ ᠪᠠᠶᠢᠳᠠᠯ᠂ ᠣᠷᠣᠯᠭ᠎ᠠ ᠵᠠᠷᠣᠯᠭ᠎ᠠ ᠶᠢᠨ ᠪᠠᠶᠢᠳᠠᠯ᠂ ᠦᠷ᠎ᠡ ᠬᠡᠣᠬᠡᠳ ᠤᠨ ᠰᠣᠷᠭᠠᠨ ᠬᠦᠮᠦᠵᠢᠯ ᠤᠨ ᠪᠠᠶᠢᠳᠠᠯ ᠪᠠ ᠦᠢᠯᠡᠳᠪᠦᠷᠢᠯᠡᠯ ᠠᠮᠢᠳᠣᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠣ ᠳᠡᠳᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠢ ᠰᠣᠨᠣᠰᠴᠦ ᠳᠡᠳᠡᠨ ᠳᠤ ᠶᠠᠳᠠᠭᠤ ᠠᠴᠠ ᠠᠩᠬᠢᠵᠢᠷᠠᠭᠤᠯᠬᠤ ᠳᠦᠷᠦ ᠶᠢᠨ ᠪᠣᠳᠣᠯᠭ᠎ᠠ ᠶᠢ ᠳᠠᠶᠢᠯᠪᠣᠷᠢᠯᠠᠨ ᠣᠶᠢᠯᠠᠭᠠᠭᠤᠯᠣᠭᠰᠠᠨ ᠪᠠᠶᠢᠨ᠎ᠠ᠃      ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠡᠯ᠎ᠡ ᠳᠣᠭᠤᠶᠢᠯᠠᠩ ᠤᠨ ᠬᠢᠨ ᠬᠠᠷᠢᠭᠤ ᠮᠡᠳᠡᠬᠦᠯᠦᠯᠲᠡ ᠬᠢᠵᠦ ᠪᠠᠶᠢᠴᠠᠭᠠᠨ ᠡᠮᠬᠢᠳᠭᠡᠭᠰᠡᠨ ᠠᠰᠠᠭᠤᠳᠠᠯ ᠳᠤ ᠳᠠᠬᠢᠨ ᠪᠠᠶᠢᠷᠢᠯᠠᠭᠤᠯᠣᠯᠲᠠ ᠳᠣᠬᠢᠷᠠᠭᠤᠯᠣᠯᠲᠠ ᠬᠢᠵᠦ ᠬᠤᠰᠢᠭᠤ ᠶᠠᠳᠠᠭᠤ  ᠶᠢ ᠳᠡᠳᠬᠦᠬᠦ ᠠᠯᠪᠠᠨ ᠬᠡᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠣᠯᠣᠰ ᠳᠦᠷᠦ ᠶᠢᠨ ᠴᠢᠨᠠᠷᠳᠠᠢ ᠠᠰᠠᠭᠤᠳᠠᠯ ᠳᠤ ᠬᠠᠷᠢᠭᠤᠯᠳᠠ ᠦᠭᠭᠦᠭᠰᠡᠨ ᠪᠠᠶᠢᠨ᠎ᠠ᠃ ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠶᠠᠳᠠᠭᠤ ᠶᠢ ᠳᠡᠳᠬᠦᠬᠦ ᠬᠠᠮᠢᠶ᠎ᠠ ᠪᠦᠬᠦᠢ ᠬᠦᠮᠦᠰ ᠡᠷᠭᠡᠪᠰᠢ ᠪᠠᠶᠢᠳᠠᠯ ᠢ ᠳᠣᠳᠣᠷᠬᠠᠢ ᠳᠠᠨᠢᠵᠦ ᠪᠣᠳᠠᠳᠠᠢ ᠠᠵᠢᠯᠯᠠᠵᠦ ᠬᠠᠷᠢᠭᠤᠴᠠᠯᠭ᠎ᠠ ᠡᠬᠦᠷᠭᠡᠯᠡᠨ ᠬᠠᠷᠢᠭᠤᠴᠠᠯᠭᠠᠲᠣ ᠣᠬᠠᠮᠰᠠᠷ ᠲᠠᠢ᠂ ᠶᠡᠭᠡ ᠳᠠᠯ᠎ᠠ ᠶᠢᠨ ᠦᠵᠡᠯᠳᠡ ᠲᠠᠢ ᠪᠠᠶᠢᠵᠦ ᠶᠠᠳᠠᠭᠤ  ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠤᠨ ᠰᠢᠢᠳᠪᠦᠷᠢᠲᠤ ᠢᠯᠡᠯᠳᠡ ᠶᠢ ᠣᠯᠬᠤ ᠳᠤ ᠪᠦᠬᠦ ᠳᠠᠯ᠎ᠠ  ᠪᠠᠷ ᠪᠡᠯᠡᠳᠭᠡᠯ ᠬᠢᠬᠦ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号