ᠪᠦᠬᠦ ᠬᠤᠰᠢᠭᠤᠨ ᠤ ᠭᠤᠣᠯᠳᠠᠯᠭᠠᠲᠣ ᠳᠦᠷᠦᠯ ᠵᠦᠢᠯ ᠵᠢᠴᠢ ᠵᠢᠬᠡᠯᠡᠯᠬᠡ ᠶᠢᠨ ᠳᠡᠮᠳᠡᠭᠲᠦ ᠶᠢᠨ ᠪᠡᠯᠡ ᠮᠦᠩᠬᠦ ᠶᠢ ᠭᠤᠶᠣᠴᠢᠯᠠᠨ ᠮᠡᠳᠡᠬᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020-03-27
     3 ᠰᠠᠷ᠎ᠠ ᠶᠢᠨ 26 ᠤ ᠡᠳᠦᠷ᠂ ᠪᠦᠬᠦ ᠬᠤᠰᠢᠭᠤᠨ ᠤ ᠭᠤᠣᠯᠳᠠᠯᠭᠠᠲᠣ ᠳᠦᠷᠦᠯ ᠵᠦᠢᠯ ᠵᠢᠴᠢ ᠵᠢᠬᠡᠯᠡᠯᠬᠡ  ᠶᠢᠨ ᠳᠡᠮᠳᠡᠭᠲᠦ ᠶᠢᠨ ᠪᠡᠯᠡ ᠮᠦᠩᠬᠦ ᠶᠢ ᠭᠤᠶᠣᠴᠢᠯᠠᠨ ᠮᠡᠳᠡᠬᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠡᠯ᠎ᠡ ᠠᠵᠣ ᠠᠬᠤᠢ ᠶᠢᠨ ᠨᠡᠬᠡᠬᠡᠯᠳᠡ ᠶᠢᠨ ᠣᠷᠣᠨ ︵ᠬᠦᠷᠢᠶᠡᠯᠡᠩ ᠳᠣᠭᠤᠷᠢᠭ︶ ᠤ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ ᠪᠠ ᠠᠵᠢᠯᠳᠠᠳ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠦᠴᠢᠷ᠂ ᠬᠤᠰᠢᠭᠤᠨ ᠤ ᠬᠠᠷᠢᠶᠠᠲᠣ ᠣᠯᠣᠰ ᠤᠨ ᠦᠮᠴᠢᠯᠡᠯ ᠤᠨ ᠠᠵᠣ ᠠᠬᠤᠢ ᠶᠢᠨ ᠭᠤᠣᠯ ᠬᠠᠷᠢᠭᠤᠴᠠᠯᠭᠠᠳᠠᠨ ᠪᠠ ᠠᠵᠢᠯᠳᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠰᠢᠭᠤ ᠡᠳ᠋ ᠤᠨ ᠵᠠᠰᠠᠭ ᠤᠨ ᠳᠣᠪᠴᠢᠶᠠᠨ ᠤ ᠬᠠᠷᠢᠭᠤᠴᠠᠯᠭᠠᠳᠠᠨ ᠠᠴᠠ ᠵᠢᠬᠡᠯᠡᠯᠬᠡ  ᠶᠢᠨ ᠳᠡᠮᠳᠡᠭᠲᠦ ᠶᠢᠨ ᠪᠡᠯᠡ ᠮᠦᠩᠬᠦ ᠶᠢ ᠭᠤᠶᠣᠴᠢᠯᠠᠨ ᠮᠡᠳᠡᠬᠦᠯᠬᠦ ᠬᠠᠮᠢᠶ᠎ᠠ ᠪᠦᠬᠦᠢ ᠠᠵᠢᠯ ᠳᠤ ᠪᠠᠶᠢᠷᠢᠯᠠᠭᠤᠯᠣᠯᠲᠠ ᠬᠢᠵᠦ᠂ 2020 ᠣᠨ ᠤ ᠬᠤᠳᠠ ᠶᠢᠨ ᠱᠠᠳᠣᠨ ᠤ ᠳ᠋ᠦᠩᠰᠢᠭᠤᠷ ᠳᠦᠬᠦᠷᠢᠭ ᠠᠴᠠ ᠳᠡᠭᠡᠭᠰᠢᠬᠢ ᠭᠤᠣᠯᠳᠠᠯᠭᠠᠲᠣ ᠳᠦᠷᠦᠯ ᠵᠦᠢᠯ ᠪᠣᠯᠣᠨ ᠮᠠᠨ ᠤ ᠬᠤᠰᠢᠭᠤᠨ ᠤ ᠡᠨᠡ ᠵᠢᠯ ᠤᠨ ᠬᠡᠷᠡᠭᠵᠢᠬᠦᠯᠦᠭᠰᠡᠨ 500 ᠳᠦᠮᠡᠨ ᠳᠦᠬᠦᠷᠢᠭ ᠠᠴᠠ ᠳᠡᠭᠡᠭᠰᠢᠬᠢ ᠳ᠋ᠦᠩᠰᠢᠭᠤᠷ ᠳᠦᠬᠦᠷᠢᠭ ᠠᠴᠠ ᠳᠣᠷᠣᠭᠰᠢ ᠳᠦᠷᠦᠯ ᠵᠦᠢᠯ ᠢ ᠰᠣᠳᠣᠯᠣᠨ ᠳᠣᠭᠳᠠᠭᠠᠭᠰᠠᠨ ᠤ ᠬᠠᠮᠲᠣ ᠳᠦᠷᠦᠯ ᠵᠦᠢᠯ ᠤᠨ ᠨᠦᠬᠡᠴᠡ ᠪᠣᠯᠣᠨ ᠳᠦᠷᠦᠯ ᠵᠦᠢᠯ ᠢ ᠳᠦᠰᠦᠪᠯᠡᠬᠦ ᠵᠡᠷᠭᠡ ᠣᠴᠢᠷ ᠶᠠᠪᠣᠳᠠᠯ ᠳᠤ ᠳᠣᠬᠢᠷᠠᠭᠤᠯᠣᠯᠲᠠ ᠬᠢᠵᠦ᠂ ᠭᠤᠣᠯᠳᠠᠯᠭᠠᠲᠣ ᠳᠦᠷᠦᠯ ᠵᠦᠢᠯ ᠤᠨ ᠭᠠᠷᠳᠠᠮ ᠬᠦᠢᠴᠡᠳᠭᠡᠭᠰᠡᠨ ᠪᠠᠶᠢᠳᠠᠯ ᠢ ᠨᠡᠶᠢᠳᠡᠯᠡᠨ ᠳᠣᠬᠢᠷᠠᠭᠤᠯᠣᠭᠰᠠᠨ ᠪᠠᠶᠢᠨ᠎ᠠ᠃       ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠬᠢᠨ ᠡᠳ᠋  ᠤᠨ ᠵᠠᠰᠠᠭ ᠤᠨ ᠳᠣᠪᠴᠢᠶ᠎ᠠ ᠲᠠᠢ ᠢᠳᠡᠪᠬᠢᠲᠡᠢ ᠬᠠᠷᠢᠯᠴᠠᠵᠦ ᠣᠯᠣᠰ ᠪᠠ ᠦᠪᠡᠷᠳᠡᠭᠡᠨ ᠵᠠᠰᠠᠬᠤ ᠣᠷᠣᠨ ᠤ ᠵᠢᠬᠡᠯᠡᠯᠬᠡ  ᠶᠢᠨ ᠳᠡᠮᠳᠡᠭᠲᠣ ᠳᠠᠷᠬᠠᠭᠠᠬᠤ ᠶᠢ ᠳᠡᠮᠵᠢᠬᠦ ᠴᠢᠭᠯᠡᠯ ᠢ ᠴᠠᠭ ᠳᠣᠬᠠᠢ ᠳᠤᠨᠢ ᠣᠶᠢᠯᠠᠭᠠᠵᠦ ᠭᠤᠶᠣᠴᠢᠯᠠᠨ ᠮᠡᠳᠡᠬᠦᠯᠬᠦ ᠳᠦᠷᠦᠯ ᠵᠦᠢᠯ ᠤᠨ ᠡᠮᠦᠨ᠎ᠡ ᠬᠤᠭᠤᠴᠠᠭᠠᠨ ᠤ ᠠᠵᠢᠯ ᠢ ᠴᠠᠭ ᠳᠣᠬᠠᠢ ᠳᠤᠨᠢ ᠰᠠᠶᠢᠳᠣᠷ ᠬᠢᠵᠦ ᠠᠷᠠᠳ ᠲᠤ ᠠᠰᠢᠭ ᠬᠦᠷᠳᠡᠬᠡᠬᠦ ᠳᠣᠰᠬᠠᠢ ᠳᠦᠷᠦᠯ ᠤᠨ ᠵᠢᠬᠡᠯᠡᠯᠬᠡ ᠶᠢᠨ ᠳᠡᠮᠳᠡᠭᠲᠣ ᠶᠢᠨ ᠪᠡᠯᠡ ᠮᠦᠩᠬᠦ ᠶᠢ ᠢᠳᠡᠪᠬᠢᠲᠡᠢ ᠳᠡᠮᠡᠴᠡᠨ ᠣᠯᠵᠦ ᠡᠳ᠋ ᠤᠨ ᠬᠦᠴᠦᠨ ᠬᠦᠷᠦᠯᠴᠡᠬᠦ ᠦᠬᠡᠢ ᠪᠠᠶᠢᠳᠠᠯ ᠢ ᠨᠠᠮᠳᠠᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠳᠣᠰ ᠳᠣᠰ ᠤᠨ ᠢᠶᠠᠨ ᠡᠷᠬᠡ ᠴᠢᠳᠠᠪᠣᠷᠢ ᠡᠬᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ ᠠᠵᠢᠯ  ᠢᠶᠠᠨ ᠰᠠᠶᠢᠲᠤᠷ ᠵᠤᠬᠢᠴᠠᠭᠤᠯᠵᠤ ᠭᠤᠣᠯᠳᠠᠯᠭᠠᠲᠣ ᠳᠦᠷᠦᠯ ᠵᠦᠢᠯ ᠤᠨ ᠭᠠᠷᠳᠠᠮ ᠬᠦᠢᠴᠡᠳᠬᠡᠯ ᠤᠨ ᠠᠰᠠᠭᠤᠳᠠᠯ ᠢ ᠴᠠᠭ ᠳᠣᠬᠠᠢ ᠳᠤᠨᠢ ᠰᠢᠢᠳᠪᠦᠷᠢᠯᠡᠵᠤ 4 ᠰᠠᠷ᠎ᠠ ᠶᠢᠨ 15 ᠤ ᠡᠳᠦᠷ ᠠᠴᠠ ᠡᠮᠦᠨ᠎ᠡ ᠡᠷᠳᠡᠬᠡᠨ ᠠᠵᠢᠯ ᠢᠶᠠᠨ ᠡᠬᠢᠯᠡᠬᠦᠯᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠠᠵᠣ ᠠᠬᠤᠶᠢᠯᠠᠯ ᠲᠠᠢ ᠢᠳᠡᠪᠬᠢᠲᠡᠢ ᠬᠠᠷᠢᠯᠴᠠᠵᠦ ᠬᠠᠮᠳᠣᠷᠠᠨ ᠬᠦᠳᠡᠯᠦᠯᠴᠡᠵᠤ ᠬᠢᠨᠠᠨ ᠵᠦᠪᠰᠢᠶᠡᠷᠡᠬᠦ ᠳᠣᠭᠳᠠᠴᠠ ᠶᠢ ᠨᠠᠶᠢᠳᠠᠪᠣᠷᠢᠵᠢᠭᠤᠯᠣᠨ ᠠᠵᠣ ᠠᠬᠤᠶᠢᠯᠠᠯ ᠢ ᠬᠠᠪᠰᠣᠷᠴᠦ ᠭᠠᠷᠳᠠᠮ ᠢ ᠬᠦᠢᠴᠡᠳᠬᠡᠵᠦ ᠭᠤᠣᠯᠳᠠᠯᠭᠠᠲᠣ ᠳᠦᠷᠦᠯ ᠵᠦᠢᠯ ᠤᠨ ᠡᠷᠳᠡᠬᠡᠨ ᠡᠬᠢᠯᠡᠵᠦ ᠪᠦᠲᠦᠮᠵᠢ ᠭᠠᠷᠭᠠᠬᠤ ᠶᠢ ᠪᠠᠳᠣᠯᠠᠬᠤ ᠬᠡᠷᠡᠭᠲᠡᠢ᠃        ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠬᠢᠨ ᠳᠣᠰ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ ᠵᠢᠬᠡᠯᠡᠯᠬᠡ ᠶᠢᠨ ᠳᠡᠮᠳᠡᠭᠲᠦ ᠶᠢᠨ ᠪᠡᠯᠡ ᠮᠦᠩᠬᠦ ᠶᠢ ᠭᠤᠶᠣᠴᠢᠯᠠᠨ ᠮᠡᠳᠡᠬᠦᠯᠬᠦ ᠪᠠ ᠭᠤᠣᠯᠳᠠᠯᠭᠠᠲᠣ ᠲᠦᠷᠦᠯ ᠵᠦᠢᠯ ᠤᠨ ᠭᠠᠷᠳᠠᠮ ᠬᠦᠢᠴᠡᠳᠭᠡᠯ ᠤᠨ ᠠᠬᠢᠴᠠ  ᠶᠢ ᠳᠦᠷᠭᠡᠳᠬᠡᠬᠦ ᠶᠢ ᠣᠳᠣᠬᠠᠨ ᠤ ᠴᠢᠬᠤᠯᠠ ᠠᠵᠢᠯ ᠪᠣᠯᠭᠠᠨ ᠴᠢᠩᠭ᠎ᠠ ᠠᠳᠬᠤᠬᠤ ᠬᠡᠷᠡᠭᠲᠡᠢ ᠬᠡᠪᠡ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号