ᠥᠪᠡᠷᠲᠡᠭᠡᠨ ᠵᠠᠰᠠᠬᠤ ᠣᠷᠣᠨ ᠤ ᠲᠤᠰᠬᠠᠶ ᠲᠣᠭᠤᠷᠢᠨ ᠪᠠᠶᠢᠴᠠᠭᠠᠬᠤ ᠨᠢᠭᠡᠳᠦᠭᠡᠷ ᠳᠤᠭᠤᠶᠢᠯᠠᠩ ᠪᠣᠯᠤᠨ | ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ 3 ᠰᠠᠷ᠎ᠠ ᠶᠢᠨ 25 ᠤ | ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠣᠨᠣᠯ ᠤᠨ | ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠲᠤᠰᠬᠠᠶ ᠰᠡᠳᠦᠪᠲᠦ ᠰᠤᠷᠤᠯᠴᠠᠬᠤ ᠬᠤᠷᠠᠯ ᠢ ᠡᠷᠭᠢᠯᠡᠨ | ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ | ᠥᠭᠦᠯᠡᠯᠲᠡ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠲᠣᠭᠤᠷᠢᠨ | ᠪᠠᠶᠢᠴᠠᠭᠠᠯᠳᠠ ᠶᠢᠨ ᠬᠤᠯᠪᠣᠭᠳᠠᠯ ᠪᠥᠬᠦᠶ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠬᠡᠴᠢ ᠪᠠᠷ ᠥᠪᠠᠷ ᠢ ᠪᠠᠨ ᠱᠠᠭᠠᠷᠳᠠᠬᠤ ᠪᠠᠷᠢᠮᠵᠢᠶ᠎ᠠ︾ ︽ | ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠪᠠᠷᠢᠮᠵᠢᠶ᠎ᠠ ᠨᠤᠭᠤᠳ︾ ︽ᠨᠠᠮ ᠤᠨ | ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ︽ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ | ᠪᠠᠶᠢᠭᠤᠯᠤᠯᠲᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠭᠠᠠᠯᠳᠠ ᠲᠠᠢ | ᠬᠠᠮᠵᠢᠯᠴᠠᠬᠤ ᠠᠵᠢᠯ ᠤᠨ ᠲᠣᠭᠲᠠᠭᠠᠯ︾ ᠵᠡᠷᠭᠡ ᠶᠢ ᠳᠠᠬᠢᠨ ᠰᠤᠷᠤᠯᠴᠠᠪᠠ᠃ | ᠬᠤᠷᠠᠯ ᠠᠴᠠ ᠵᠢᠭᠠᠬᠤ ᠳᠤ ᠪᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠨᠠᠷ ᠤᠨ ᠮᠠᠨ ᠤ ᠬᠤᠰᠢᠭᠤᠨ ᠳᠤ | ᠪᠠᠶᠢᠴᠠᠭᠠᠨ ᠰᠤᠳᠤᠯᠤᠯᠳᠠ ᠭᠢᠭᠰᠡᠨ ᠵᠢᠭᠠᠪᠤᠷᠢ ᠶᠢᠨ ᠵᠣᠷᠢᠭ ᠰᠠᠨᠠᠭ᠎ᠠ ᠶᠢ ᠭᠥᠨᠵᠡᠭᠡᠢ ᠰᠤᠷᠤᠯᠴᠠᠨ ᠲᠤᠭᠤᠰᠢᠯᠠᠭᠤᠯᠵᠤ | ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠠᠭᠦᠯᠤᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠡᠳᠬᠡᠵᠦ | ᠲᠣᠰ ᠲᠣᠰ ᠤᠨ ᠪᠣᠳᠠᠲᠠᠶ ᠲᠠᠢ ᠪᠠᠨ ᠤᠶᠠᠯᠳᠤᠭᠤᠯᠤᠨ ᠨᠠᠩ ᠬᠠᠨᠳᠤᠯᠭᠠᠲᠤ ᠴᠢᠨᠠᠷᠲᠠᠶ ᠪᠠᠷ ᠭᠤᠤᠯᠳᠠᠯᠭ᠎ᠠ ᠶᠢ | ᠠᠳᠬᠤᠵᠤ ᠲᠤᠳᠠᠭᠳᠠᠯ ᠢᠶᠠᠨ ᠨᠥᠬᠦᠪᠥᠷᠢᠯᠡᠵᠦ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠦᠨ ᠪᠠᠶᠢᠴᠠᠭᠠᠨ | ᠰᠤᠳᠤᠯᠤᠯᠲᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠶ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ | ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠥᠨᠵᠡᠭᠡᠢ ᠰᠤᠷᠤᠯᠴᠠᠨ ᠲᠤᠭᠤᠰᠢᠯᠠᠭᠤᠯᠵᠤ | ᠳᠡᠭᠡᠳᠦ ᠱᠠᠲᠤᠨ ᠤ ᠲᠣᠭᠤᠷᠢᠨ ᠪᠠᠶᠢᠴᠠᠭᠠᠯᠳᠠ ᠶᠢᠨ ᠲᠤᠭᠤᠶᠢᠯᠠᠩ ᠲᠠᠢ ᠬᠠᠮᠵᠢᠯᠴᠠᠨ ᠨᠡᠭᠦᠷᠡᠰᠦᠨ ᠤ ᠡᠬᠢ ᠪᠠᠶᠠᠯᠢᠭ | ᠤᠨ ᠬᠦᠷᠢᠶᠡᠨ ᠤ ᠳᠦᠷᠢᠮ ᠲᠤᠭᠳᠠᠭᠠᠯ ᠠᠴᠠ ᠵᠥᠷᠢᠴᠡᠭᠰᠡᠨ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠢ | ᠴᠡᠭᠴᠡᠯᠡᠨ ᠵᠠᠰᠠᠬᠤ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠭᠦ ᠬᠡᠷᠡᠭᠲᠡᠢ᠃ ᠨᠡᠭᠦᠷᠡᠰᠦᠨ ᠤ ᠡᠬᠢ ᠪᠠᠶᠠᠯᠢᠭ ᠤᠨ | ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠦᠷᠢᠴᠡᠭᠰᠡᠨ ᠬᠠᠤᠯᠢ ᠶᠢ ᠵᠥᠷᠢᠴᠡᠭᠰᠡᠨ ᠠᠰᠠᠭᠤᠳᠠᠯ ᠢ ᠲᠤᠰᠬᠠᠶ | ᠴᠡᠭᠴᠡᠯᠡᠨ ᠵᠠᠰᠠᠬᠤ ᠠᠵᠢᠯ ᠤᠨ ᠤᠯᠤᠰ ᠲᠦᠷᠦ ᠶᠢᠨ ᠡᠭᠦᠷᠭᠡ ᠶᠢ ᠵᠣᠷᠢᠭᠲᠠᠶ ᠪᠠᠷ ᠡᠭᠦᠷᠭᠡᠯᠡᠬᠦ ᠡᠰᠡᠬᠦ᠂ ᠪᠡᠶᠡᠯᠡᠭᠦᠯᠵᠦ | ᠴᠢᠳᠠᠬᠤ ᠡᠰᠡᠬᠦ ᠪᠣᠯ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠵᠣᠭᠰᠣᠯᠲᠠ᠂ ᠤᠯᠤᠰ | ᠲᠦᠷᠦ ᠶᠢᠨ ᠣᠪᠣᠷ᠂ ᠤᠯᠤᠰ ᠲᠦᠷᠦ ᠶᠢᠨ ᠡᠭᠦᠷᠭᠡᠯᠡᠯ ᠪᠠ ᠤᠯᠤᠰ ᠲᠦᠷᠦ ᠶᠢᠨ ᠴᠢᠳᠠᠪᠤᠷᠢ ᠶᠢᠨ ᠲᠤᠬᠠᠶ ᠴᠢᠬᠤᠯᠠ | ᠶᠡᠭᠡ ᠰᠢᠯᠭᠠᠯᠲᠠ ᠮᠥᠨ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠢᠯᠠᠩᠭᠤᠶ᠎ᠠ ᠭᠤᠤᠯᠳᠠᠯᠭ᠎ᠠ ᠲᠠᠢ | ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠲᠤᠰᠬᠠᠶ ᠴᠡᠭᠴᠡᠯᠡᠨ ᠵᠠᠰᠠᠬᠤ ᠴᠢᠬᠤᠯᠠ ᠶᠡᠭᠡ ᠤᠯᠤᠰ | ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠠᠨ ᠤᠯᠤᠰ ᠲᠥᠷᠥ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ | ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠭᠠᠳᠬᠠᠨ ︽ᠬᠤᠶᠠᠷ ᠢ ᠬᠠᠮᠠᠭᠠᠯᠠᠬᠤ︾ ᠶᠢ ᠦᠶᠯᠡᠳᠦᠯᠭᠡᠵᠢᠭᠦᠯᠬᠦ | ᠬᠡᠷᠡᠭᠲᠡᠶ᠃ ᠥᠪᠡᠷᠲᠡᠭᠡᠨ ᠵᠠᠰᠠᠬᠤ ᠤᠷᠤᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ ᠳᠡᠭᠡᠳᠦ ᠱᠠᠲᠤᠨ ᠤ ᠲᠣᠭᠤᠷᠢᠨ ᠪᠠᠶᠢᠴᠠᠭᠠᠯᠳᠠ ᠶᠢᠨ | ᠠᠵᠢᠯ ᠲᠠᠢ ᠬᠠᠮᠵᠢᠯᠴᠠᠵᠤ ᠠᠰᠠᠭᠤᠳᠠᠯ ᠳᠤ ᠴᠢᠭᠯᠡᠭᠦᠯᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠠᠰᠠᠭᠤᠳᠠᠯ ᠢ | ᠪᠠᠶᠢᠴᠠᠭᠠᠨ ᠰᠢᠯᠲᠠᠭᠠᠨ ᠢ ᠨᠢ ᠡᠷᠢᠨ ᠭᠠᠷᠭᠠᠵᠤ ᠪᠣᠳᠠᠲᠠᠢ ᠠᠰᠠᠭᠤᠳᠠᠯ ᠢ ᠰᠢᠢᠳᠪᠤᠷᠢᠯᠠᠨ ᠪᠦᠬᠦ ᠬᠦᠴᠦᠨ ᠢᠶᠠᠷ ᠢᠶᠠᠨ | ᠴᠢᠷᠮᠠᠶᠢᠵᠤ ᠲᠤᠰᠬᠠᠢ ᠴᠡᠭᠴᠡᠯᠡᠨ ᠵᠠᠰᠠᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ ᠭᠡᠵᠡᠢ᠃ |