ᠪᠦᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠥᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢᠨ ᠲᠥᠷᠪᠡᠳᠥᠬᠡᠷ ᠤᠳᠠᠭᠠᠨ ᠤ ᠠᠯᠪᠠᠯᠠᠬᠤ ᠬᠤᠷᠠᠯ ᠬᠤᠷᠠᠯᠳᠤᠵᠤ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2020-03-27
     3 ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ ᠬᠤᠳᠠ ᠶᠢᠨ ᠳᠠᠷᠤᠭ᠎ᠠ ᠰᠡᠴᠡᠨᠪᠢᠯᠢᠭ ᠪᠦᠬᠦ ᠬᠤᠳᠠ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢᠨ ᠳᠥᠷᠪᠡᠳᠦᠭᠡᠷ ᠤᠳᠠᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠤ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠣᠷᠣᠯᠴᠠᠪᠠ᠃ ᠬᠤᠰᠢᠭᠤ ᠨᠠᠮ  ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ ᠪᠤᠯᠤᠨ ᠡᠯ᠎ᠠ ᠠᠵᠤ ᠠᠬᠤᠢ ᠶᠢᠨ ᠨᠡᠭᠡᠭᠡᠯᠳᠠ ᠶᠢᠨ ᠲᠤᠭᠤᠷᠢᠭ ︵ᠭᠥᠷᠢᠶᠠᠯᠠᠩ ᠲᠤᠭᠤᠷᠢᠭ︶ ᠤᠨ ᠬᠠᠮᠢᠶᠠᠷᠤᠯᠳᠠ ᠶᠢᠨ ᠵᠥᠪᠯᠠᠯ ᠪᠤᠯᠤᠨ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠪᠠ᠃      ᠰᠡᠴᠡᠨᠪᠢᠯᠢᠭ ᠪᠥᠬᠦ ᠬᠤᠲᠠ ᠶᠢᠨ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠭᠰᠠᠨ ᠠᠴᠠ ᠨᠠᠭᠠᠰᠢ᠂ ᠬᠠᠷᠢᠭᠤᠴᠠᠯᠭ᠎ᠠ ᠶᠢ ᠭᠡᠳᠡᠷᠭᠦ ᠰᠢᠬᠠᠬᠤ᠂ ᠴᠠᠭ ᠬᠤᠭᠤᠴᠠᠭ᠎ᠠ ᠶᠢ ᠬᠢᠵᠠᠭᠠᠷᠯᠠᠬᠤ᠂ ᠡᠭᠦᠷᠭᠡ ᠪᠠ ᠬᠠᠷᠠᠯᠲᠠ ᠶᠢ ᠲᠣᠳᠣᠷᠬᠠᠶᠢᠯᠠᠬᠤ ᠪᠠᠷ ᠳᠠᠮᠵᠢᠭᠤᠯᠤᠨ ᠨᠢᠭᠡ ᠪᠦᠯᠦᠭ ᠲᠥᠷᠥᠯ ᠵᠦᠢᠯ ᠤᠨ ᠬᠢᠨᠠᠨ ᠵᠥᠪᠰᠢᠶᠡᠷᠡᠬᠦ ᠭᠠᠷᠳᠠᠮ ᠢ ᠲᠥᠪᠯᠡᠷᠡᠭᠦᠯᠦᠨ ᠬᠥᠢᠴᠡᠳᠬᠡᠬᠡᠳ ᠠᠩᠬ᠎ᠠ ᠠᠯᠬᠤᠮ ᠦᠷ᠎ᠡ ᠪᠦᠲᠦᠮᠵᠢ ᠣᠯᠤᠭᠰᠠᠨ ᠪᠠᠶᠢᠨ᠎ᠠ᠃ ᠬᠤᠶᠢᠰᠢᠳᠠ ᠲᠥᠪᠯᠡᠷᠡᠭᠦᠯᠦᠨ ᠬᠢᠨᠠᠨ ᠵᠥᠪᠰᠢᠶᠡᠷᠡᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ ᠲᠥᠷᠥᠯ ᠵᠦᠢᠯ ᠢ ᠲᠥᠰᠦᠪᠯᠡᠬᠦ᠂ ᠬᠢᠨᠠᠨ ᠵᠥᠪᠰᠢᠶᠡᠷᠡᠬᠦ᠂ ᠠᠵᠢᠯ ᠡᠬᠢᠯᠡᠭᠦᠯᠬᠦ᠂ ᠪᠥᠲᠥᠭᠡᠨ ᠪᠠᠶᠢᠭᠤᠯᠤᠯᠲᠠ ᠶᠢᠨ ᠡᠯ᠎ᠡ ᠭᠤᠭᠴᠤᠭᠠᠨ ᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠢᠨᠠᠬᠰᠢᠳᠠ ᠲᠡᠭᠦᠯᠳᠡᠷᠵᠢᠭᠦᠯᠵᠤ ᠳᠣᠭᠢᠷᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠵᠤ ᠲᠠᠰ ᠳᠠᠷᠠᠭᠠᠯᠠᠯ ᠢ ᠳᠥᠭᠦᠮᠴᠢᠯᠡᠭᠦ᠂ ᠥᠪᠡᠷ ᠤᠨ ᠥᠷᠲᠡᠭ ᠢ ᠪᠠᠭᠤᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠤ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠪᠥᠲᠥᠭᠡᠨ ᠪᠠᠶᠢᠭᠤᠯᠬᠤ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠶ ᠬᠡᠵᠤ ᠵᠢᠭᠠᠵᠤ ᠭᠠᠷᠭᠠᠪᠠ᠃      ᠰᠡᠴᠡᠨᠪᠢᠯᠢᠭ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠪᠠᠶᠢᠳᠠᠯ ᠢ ᠲᠣᠳᠣᠷᠬᠠᠢ ᠲᠠᠨᠢᠨ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠨ ᠡᠮᠬᠢ ᠲᠢᠭᠯᠢᠮ ᠲᠠᠢ ᠴᠡᠭᠴᠡᠯᠡᠨ ᠰᠠᠶᠢᠵᠢᠷᠠᠭᠤᠯᠵᠤ ᠪᠦᠬᠦ ᠬᠤᠳᠠ ᠶᠢᠨ ᠠᠵᠤ ᠠᠬᠤᠢ ᠶᠢᠨ ᠦᠷᠭᠦᠯᠵᠢᠯᠡᠭᠰᠡᠨ ᠰᠠᠶᠢᠨ ᠭᠥᠭᠵᠢᠯᠳᠠ ᠶᠢ ᠪᠦᠬᠦ ᠬᠦᠴᠦᠨ ᠢᠶᠠᠷ ᠠᠬᠢᠭᠤᠯᠵᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠠᠢ᠃ ᠨᠢᠭᠡ ᠲᠠᠯ᠎ᠠ ᠪᠠᠷ᠂ ᠡᠨᠡ ᠵᠢᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠲᠣᠭᠤᠷᠢᠨ ᠳᠤ ᠲᠤᠰᠬᠠᠶ ᠬᠦᠴᠦᠨ ᠢ ᠵᠣᠬᠢᠶᠠᠨ ᠪᠠᠶᠢᠭᠤᠯᠵᠤ ᠬᠦᠴᠦᠲᠡᠶ ᠠᠷᠭ᠎ᠠ ᠬᠡᠮᠵᠢᠶ᠎ᠡ ᠠᠪᠴᠤ ᠬᠦᠴᠦᠨ ᠢᠶᠠᠨ ᠲᠥᠪᠯᠡᠷᠡᠭᠦᠯᠦᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠢᠨᠠᠨ ᠵᠥᠪᠰᠢᠶᠡᠷᠡᠬᠦ ᠠᠰᠠᠭᠤᠳᠠᠯ ᠢ ᠬᠤᠭᠤᠴᠠᠭ᠎ᠠ ᠲᠣᠭᠲᠠᠭᠠᠨ ᠰᠢᠢᠳᠪᠦᠷᠢᠯᠡᠵᠤ ᠲᠥᠷᠥᠯ  ᠵᠦᠢᠯ ᠤᠨ ᠲᠥᠷᠬᠡᠨ ᠪᠠᠷᠢᠯᠭ᠎ᠠ ᠪᠠᠨ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠶ︔ ᠨᠥᠭᠦᠭᠡ ᠲᠠᠯ᠎ᠠ ᠪᠠᠷ᠂ ᠲᠥᠷᠥᠯ ᠵᠦᠢᠯ ᠤᠨ ᠨᠥᠭᠡᠴᠡᠯᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ ᠨᠢᠭᠡ ᠪᠦᠯᠦᠭ ᠢ ᠤᠬᠠᠭᠠᠯᠠᠨ ᠰᠡᠳᠦᠵᠤ ᠨᠢᠭᠡ ᠪᠦᠯᠦᠭ ᠢ ᠨᠥᠭᠡᠴᠡᠯᠡᠨ ᠨᠢᠭᠡ ᠪᠦᠯᠦᠭ ᠢ ᠬᠢᠨᠠᠨ ᠵᠥᠪᠰᠢᠶᠡᠷᠡᠵᠤ ᠨᠢᠭᠡ ᠪᠦᠯᠦᠭ ᠢ ᠠᠵᠢᠯ ᠡᠬᠢᠯᠡᠭᠦᠯᠤᠨ ᠨᠢᠭᠡ ᠪᠦᠯᠦᠭ ᠢ ᠠᠰᠢᠭᠯᠠᠯᠲᠠ ᠳᠤ ᠣᠷᠣᠭᠤᠯᠬᠤ ᠵᠡᠷᠭᠡ ᠳᠦᠷᠤᠯ ᠵᠦᠢᠯ ᠢ ᠳᠠᠰᠤᠷᠠᠯᠳᠠ ᠦᠭᠡᠢ ᠠᠬᠢᠭᠤᠯᠬᠤ ᠲᠣᠭᠲᠠᠴᠠ ᠶᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠤᠯᠤᠰ ᠤᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠲᠡᠶ ᠬᠤᠪᠢᠳᠠᠨ ᠣᠯᠵᠤ ᠤᠯᠤᠰ ᠤᠨ ᠡᠯ᠎ᠡ ᠲᠥᠷᠥᠯ ᠤᠨ ᠠᠰᠢᠭᠲᠠᠶ ᠲᠦᠷᠦ ᠶᠢᠨ ᠪᠤᠳᠤᠯᠭ᠎ᠠ ᠶᠢ ᠰᠠᠶᠢᠲᠤᠷ ᠠᠰᠢᠬᠯᠡᠨ ᠠᠵᠢᠯ ᠤᠨ ᠰᠠᠨᠠᠭᠠᠴᠢᠯᠠᠭᠠᠲᠤ ᠪᠠᠶᠢᠳᠠᠯ ᠢ ᠬᠦᠢᠴᠡᠳ ᠡᠵᠡᠮᠳᠡᠬᠦ ᠬᠡᠷᠡᠭᠲᠡᠶ᠃ ᠡᠳ᠋ ᠤᠨ ᠵᠠᠰᠠᠭ ᠭᠠᠶᠢᠯᠢ ᠶᠢᠨ ᠤᠷᠤᠯᠭ᠎ᠠ ᠶᠢ ᠳᠤᠰᠢᠶᠠᠯᠭᠠᠬᠤ᠂ ᠥᠷᠢ ᠥᠭᠴᠡᠭᠡ ᠶᠢ ᠰᠢᠢᠳᠪᠦᠷᠢᠯᠡᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠷᠢᠳᠦᠭᠰᠡᠨ ᠥᠭᠴᠡᠭᠡ ᠠᠪᠴᠠᠭ᠎ᠠ ᠶᠢ ᠢᠯᠭᠠᠷᠠᠭᠤᠯᠤᠨ ᠰᠢᠢᠳᠪᠥᠷᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠨᠢᠭᠡᠨᠲᠡ ᠲᠣᠭᠲᠠᠭᠠᠭᠰᠠᠨ ᠲᠥᠰᠦᠯ ᠤᠨ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠨ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ ᠬᠡᠵᠤ ᠵᠢᠭᠠᠵᠤ ᠭᠠᠷᠭᠠᠵᠠᠢ᠃      ᠬᠤᠷᠠᠯ ᠠᠴᠠ ᠵᠢᠭᠠᠬᠤ ᠳᠤ ᠪᠠᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠤᠨ ᠠᠵᠤ ᠠᠬᠤᠢ ᠪᠠᠭᠤᠷᠠᠬᠤ ᠲᠠᠷᠤᠯᠳᠠ ᠶᠢᠨ ᠨᠥᠯᠥᠭᠡ ᠠᠴᠠ ᠪᠤᠯᠵᠤ ᠣᠳᠣᠬᠠᠨ ᠳᠤ ᠪᠦᠬᠦ ᠬᠤᠳᠠ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃ ᠭᠡᠪᠡᠴᠦ ᠪᠢᠳᠡ ᠲᠥᠪ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠳᠠ ᠶᠢ ᠬᠢᠨᠠᠮᠠᠭᠠᠶ ᠲᠤᠭᠤᠰᠢᠯᠠᠭᠤᠯᠵᠤ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢ ᠭᠦᠶᠴᠡᠳ ᠨᠠᠶᠢᠳᠠᠪᠤᠷᠢᠵᠢᠭᠤᠯᠪᠠᠯ ᠨᠠᠷᠢᠨ ᠪᠤᠳᠤᠯᠢᠶᠠᠨᠲᠠᠶ ᠪᠠᠶᠢᠳᠠᠯ ᠢ ᠪᠦᠲᠦᠮᠵᠢᠲᠡᠶ ᠠᠷᠠᠭᠠᠴᠠᠭᠠᠵᠤ ᠲᠠᠶᠢᠯᠤᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠪᠠᠶᠢᠳᠠᠯ ᠢ ᠲᠣᠳᠣᠷᠬᠠᠢ ᠲᠠᠨᠢᠨ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢ ᠠᠳᠬᠤᠨ ᠤᠯᠤᠰ ᠤᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠲᠡᠶ ᠬᠤᠪᠢᠳᠠᠨ ᠣᠯᠵᠤ ᠡᠳ᠋ ᠤᠨ ᠵᠠᠰᠠᠭ ᠭᠠᠶᠢᠯᠢ ᠶᠢᠨ ᠤᠷᠤᠯᠭ᠎ᠠ ᠶᠢ ᠳᠤᠰᠢᠶᠠᠯᠭᠠᠬᠤ᠂ ᠥᠷᠢ ᠥᠭᠴᠡᠭᠡ ᠶᠢ ᠰᠢᠢᠳᠪᠦᠷᠢᠯᠡᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠷᠢᠳᠦᠭᠰᠡᠨ ᠥᠭᠴᠡᠭᠡ ᠠᠪᠴᠠᠭ᠎ᠠ ᠶᠢ ᠢᠯᠭᠠᠷᠠᠭᠤᠯᠤᠨ ᠰᠢᠢᠳᠪᠥᠷᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠪᠦᠬᠦ ᠬᠤᠲᠠ ᠶᠢᠨ ᠠᠵᠤ ᠠᠬᠤᠢ ᠨᠠᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠤᠨ ᠳᠠᠷᠠᠭ᠎ᠠ ᠵᠣᠣ ᠹᠸᠢ ᠯᠦ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠤᠬᠠᠶ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ᠂ ᠲᠥᠷᠥᠯ ᠵᠦᠶᠯ ᠤᠨ ᠭᠠᠷᠳᠠᠮ ᠢ ᠭᠦᠶᠴᠡᠳᠬᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠵᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠂ ᠦᠵᠡᠮᠵᠢ ᠶᠢᠨ ᠣᠷᠣᠨ ᠤ ᠡᠵᠡᠩᠨᠡᠯᠲᠡ ᠪᠠᠨ ᠰᠡᠷᠭᠦᠭᠡᠬᠦ ᠶᠢ ᠵᠣᠷᠢᠭᠵᠢᠭᠤᠯᠵᠤ ᠠᠵᠤ ᠠᠬᠤᠶ ᠶᠢᠨ ᠡᠮᠬᠢ ᠳᠢᠭᠯᠢᠮ ᠢ ᠪᠥᠬᠦ ᠲᠠᠯ᠎ᠠ ᠪᠠᠷ ᠰᠡᠷᠭᠦᠭᠡᠬᠦ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠬᠤ ᠪᠠᠷ ᠪᠠᠶᠢᠭ᠎ᠠ ᠲᠥᠷᠥᠯ ᠵᠦᠶᠯ ᠢ ᠰᠦᠪᠡᠭᠴᠢᠯᠡᠵᠦ ᠨᠢᠭᠡ ᠪᠦᠯᠦᠭ ᠰᠠᠭᠤᠷᠢ ᠶᠢ ᠬᠤᠪᠢᠷᠠᠭᠤᠯᠬᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠷᠠᠭᠤᠯᠬᠤ ᠪᠠ ᠠᠷᠠᠳ ᠤᠨ ᠠᠮᠢᠳᠤᠷᠠᠯ ᠤᠨ ᠲᠥᠷᠥᠯ ᠵᠦᠶᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠶ᠃ ᠱᠠᠲᠤ ᠦᠶ᠎ᠡ ᠶᠢᠨ ᠴᠢᠨᠠᠷᠲᠠᠶ ᠠᠵᠢᠯ ᠢ ᠰᠠᠶᠢᠲᠤᠷ ᠠᠳᠬᠤᠬᠤ ᠶᠢ ᠪᠥᠬᠦ ᠵᠢᠯ ᠤᠨ ᠡᠭᠦᠷᠭᠡ ᠯᠦᠭᠡ ᠤᠶᠠᠯᠳᠤᠭᠤᠯᠵᠤ ᠡᠯ᠎ᠡ ᠵᠦᠶᠯ ᠤᠨ ᠵᠢᠱᠢᠭᠰᠡᠨ ᠬᠠᠷᠠᠯᠲᠠ ᠶᠢᠨ ᠡᠮᠬᠢ ᠵᠢᠷᠤᠮ ᠲᠠᠢ ᠪᠡᠶᠡᠯᠡᠭᠳᠡᠬᠦ ᠶᠢ ᠦᠨᠡᠨᠬᠦ ᠪᠠᠲᠤᠯᠠᠬᠤ ᠭᠡᠷᠡᠭᠳᠠᠢ ᠭᠡᠵᠡᠢ
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号