ᠰᠢ ᠶᠢᠨ ᠫᠢᠩ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-03-27
     ᠤᠯᠤᠰ ᠤᠨ ᠲᠡᠷᠢᠭᠦᠯᠡᠭᠴᠢ ᠰᠢ ᠶᠢᠨ ᠫᠢᠩ 24 ᠤ ᠤᠷᠤᠢ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠤᠲᠠᠰᠤ ᠪᠠᠷ ᠶᠠᠷᠢᠯᠴᠠᠪᠠ᠃      ᠰᠢ ᠶᠢᠨ ᠫᠢᠩ᠂ ᠡᠨᠡ ᠤᠳᠠᠭ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠩᠡ ᠰᠢᠷᠦᠭᠦᠨ ᠢᠷᠡᠵᠦ ᠡᠯ᠎ᠡ ᠤᠯᠤᠰ ᠲᠤ ᠠᠪᠴᠤ ᠬᠡᠯᠡᠪᠡᠯ ᠴᠥᠮ ᠨᠢᠭᠡ ᠤᠳᠠᠭᠠᠨ ᠤ ᠶᠡᠭᠡ ᠰᠢᠯᠭᠠᠯᠲᠠ ᠪᠣᠯᠤᠨ᠎ᠠ᠃ ᠳᠤᠮᠳᠠᠳᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠠᠮᠤᠭ ᠤᠨ ᠪᠡᠷᠬᠡ ᠬᠦᠴᠢᠷᠳᠡᠯᠲᠡᠢ ᠪᠠᠶᠢᠭᠰᠠᠨ ᠴᠠᠭ ᠮᠥᠴᠡ ᠳᠤ᠂ ᠺᠠᠽᠠᠭᠰᠲ᠋ᠠᠨ ᠤ ᠵᠠᠰᠠᠭ ᠤᠨ ᠣᠷᠳᠣᠨ ᠪᠣᠯᠤᠨ ᠡᠯ᠎ᠡ ᠡᠲᠡᠭᠡᠳ ᠤᠨ ᠬᠢᠨ ᠳᠤᠮᠳᠠᠳᠤ ᠤᠯᠤᠰ ᠢ ᠬᠦᠴᠦᠳᠠᠢ ᠳᠡᠮᠵᠢᠪᠡ᠃ ᠣᠳᠣᠬᠠᠨ ᠳᠤ ᠺᠠᠽᠠᠬᠰᠲ᠋ᠠᠨ ᠳᠤ ᠴᠤ ᠬᠢᠵᠢᠭ ᠦᠷᠪᠢᠰᠦᠨ ᠳᠡᠯᠭᠡᠷᠡᠬᠦ ᠪᠠᠶᠢᠳᠠᠯ ᠢᠯᠡᠷᠡᠵᠡᠶ᠃ ᠶᠡᠷᠦᠩᠬᠡᠶᠢᠯᠡᠭᠴᠢ ᠠᠪᠤᠭᠠᠢ ᠶᠢᠨ ᠤᠳᠤᠷᠢᠳᠤᠯᠭ᠎ᠠ ᠲᠤᠤᠷ᠎ᠠ᠂ ᠺᠠᠽᠠᠭᠰᠲ᠋ᠠᠨ ᠤ ᠬᠢᠨ ᠳᠠᠷᠤᠢ ᠲᠦᠷᠭᠡᠨ ᠡᠷᠡᠰ ᠰᠢᠭᠤᠷᠬᠠᠢ ᠠᠷᠭ᠎ᠠ ᠬᠡᠮᠵᠢᠶ᠎ᠡ ᠠᠪᠴᠤ᠂ ᠪᠦᠬᠦ ᠠᠷᠠᠳ ᠲᠦᠮᠡᠨ ᠳᠡᠭᠡᠨ ᠬᠠᠷᠢᠭᠤᠴᠠᠬᠤ ᠤᠪᠤᠷ ᠢᠶᠠᠨ ᠢᠯᠡᠷᠡᠭᠦᠯᠦᠭᠰᠡᠨ ᠢ ᠳᠤᠮᠳᠠᠳᠤ ᠶᠢᠨ ᠲᠠᠯ᠎ᠠ ᠶᠢᠨ ᠬᠢᠨ ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ᠃ ᠨᠥᠬᠦᠷᠰᠡᠭ ᠬᠥᠷᠰᠢ ᠤᠯᠤᠰ ᠪᠠ ᠡᠭᠦᠷᠢᠳᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠪᠣᠯᠤᠭᠰᠠᠨ ᠤ ᠬᠤᠪᠢ ᠳᠤ ᠳᠤᠮᠳᠠᠳᠤ ᠶᠢᠨ ᠲᠠᠯ᠎ᠠ ᠶᠢᠨ ᠬᠢᠨ ᠺᠠᠽᠠᠬᠰᠲ᠋ᠠᠨ ᠤ ᠣᠳᠣᠬᠠᠨ ᠤ ᠪᠠᠶᠢᠳᠠᠯ ᠢ ᠪᠡᠶ᠎ᠠ ᠪᠠᠷ ᠢᠶᠠᠨ ᠮᠡᠳᠡᠷᠡᠵᠦ ᠪᠠᠶᠢᠬᠤ ᠪᠦᠭᠡᠳ ᠢᠳᠡᠪᠬᠢᠲᠡᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠬᠦ ᠪᠣᠯᠤᠨ᠎ᠠ᠃ ᠳᠤᠮᠳᠠᠳᠤ ᠺᠠᠽᠠᠭᠰᠲ᠋ᠠᠨ ᠬᠠᠷᠢᠯᠴᠠᠨ ᠳᠡᠮᠵᠢᠯᠴᠡᠬᠦ ᠨᠢ ᠬᠤᠶᠠᠷ ᠤᠯᠤᠰ ᠤᠨ ᠬᠠᠷᠢᠯᠴᠠᠭᠠᠨ ᠤ ᠥᠨᠳᠥᠷ ᠲᠦᠪᠰᠢᠨ ᠪᠤᠯᠤᠨ ᠣᠨᠴᠠᠭᠠᠶ ᠴᠢᠨᠠᠷ ᠢ ᠢᠯᠡᠷᠡᠭᠦᠯᠵᠦ ᠳᠡᠯᠡᠬᠡᠶ ᠨᠡᠶᠢᠳᠡ ᠶᠢᠨ ᠬᠠᠮᠳᠤᠷᠠᠯᠴᠠᠨ ᠬᠢᠵᠢᠭ ᠲᠠᠢ ᠲᠡᠮᠡᠴᠡᠬᠦ ᠳᠤ ᠦᠯᠢᠭᠡᠷ ᠳᠠᠭᠤᠷᠢᠶᠠᠯ ᠦᠵᠡᠭᠦᠯᠬᠦ ᠪᠤᠯᠤᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠸᠢᠷᠦ᠋ᠰ ᠲᠤ ᠤᠯᠤᠰ ᠤᠨ ᠬᠢᠯᠢ ᠭᠡᠵᠦ ᠪᠠᠶᠢᠬᠤ ᠥᠬᠡᠶ᠂ ᠬᠢᠵᠢᠭ ᠤᠨ ᠪᠠᠶᠢᠳᠠᠯ ᠦᠨᠳᠦᠰᠦᠳᠡᠨ ᠶᠠᠰᠤᠳᠠᠨ ᠢ ᠢᠯᠭᠠᠬᠤ ᠥᠬᠡᠶ᠃ ᠡᠨᠡ ᠤᠳᠠᠭ᠎ᠠ ᠶᠢᠨ ᠪᠦᠬᠦ ᠳᠡᠯᠡᠬᠡᠢ ᠶᠢᠨ ᠴᠢᠨᠠᠷᠳᠠᠢ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠮᠤᠷᠠᠯ ᠢ ᠠᠷᠭᠠᠴᠠᠭᠠᠬᠤ ᠶᠠᠪᠤᠴᠠ ᠳᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠲᠤᠯᠭᠠᠮ ᠴᠢᠨᠠᠷ ᠪᠣᠯᠤᠨ ᠴᠢᠬᠤᠯᠠ ᠴᠢᠨᠠᠷ ᠨᠡᠩ ᠲᠤᠪᠤᠶᠢᠮ᠎ᠠ ᠪᠣᠯᠪᠠ᠃ ᠭᠠᠭᠴᠠ ᠬᠦ ᠪᠦᠯᠬᠦᠮᠳᠡᠨ ᠬᠠᠮᠵᠢᠯᠴᠠᠵᠤ᠂ ᠭᠠᠷ ᠭᠠᠷ ᠢᠶᠠᠨ ᠬᠤᠯᠪᠣᠯᠴᠠᠨ ᠠᠷᠭᠠᠴᠠᠭᠠᠪᠠᠯ ᠳᠡᠯᠡᠬᠡᠶ ᠨᠡᠶᠢᠲᠡ ᠪᠠᠷ ᠢᠶᠠᠨ ᠰᠠᠶ᠋ᠢ ᠬᠢᠵᠢᠭ ᠤᠨ ᠪᠠᠶᠢᠳᠠᠯ ᠢ ᠢᠯᠠᠨ ᠳᠠᠪᠠᠵᠤ᠂ ᠬᠥᠮᠦᠨ ᠲᠥᠷᠥᠯᠬᠢᠲᠡᠨ ᠤ ᠬᠠᠮᠲᠤ ᠶᠢᠨ ᠭᠡᠷ ᠣᠷᠣᠨ ᠢᠶᠠᠨ ᠬᠠᠮᠠᠭᠠᠯᠠᠵᠤ ᠴᠢᠳᠠᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠺᠠᠽᠠᠭᠰᠲ᠋ᠠᠨ ᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠤᠯᠠᠨ ᠤᠯᠤᠰ ᠤᠨ ᠬᠢᠵᠢᠭ ᠢ ᠡᠰᠡᠷᠭᠦᠴᠡᠬᠦ ᠬᠠᠮᠲᠤᠷᠠᠯᠴᠠᠭ᠎ᠠ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ ᠭᠡᠵᠦ ᠵᠢᠭᠠᠵᠤ ᠭᠠᠷᠭᠠᠪᠠ᠃ ᠬᠢᠵᠢᠭ ᠤᠨ ᠪᠠᠶᠢᠳᠠᠯ ᠪᠣᠯ ᠲᠦᠷ ᠴᠠᠭ ᠤᠨ ᠬᠢ ᠶᠤᠮ᠂ ᠬᠠᠮᠳᠤᠷᠠᠯᠴᠠᠬᠤ ᠪᠣᠯ ᠤᠷᠳᠤ ᠬᠤᠭᠤᠴᠠᠭᠠᠨ ᠤ ᠬᠢ ᠶᠤᠮ᠃ ᠬᠢᠵᠢᠭ ᠤᠨ ᠪᠠᠶᠢᠳᠠᠯ ᠨᠢ ᠳᠤᠮᠳᠠᠳᠤ ᠺᠠᠽᠠᠭᠰᠲ᠋ᠠᠨ ᠤ ᠬᠠᠮᠲᠤᠷᠠᠯᠴᠠᠭ᠎ᠠ ᠳᠤ ᠥᠷᠢᠰᠥᠯᠳᠦᠭᠡᠨ ᠠᠪᠴᠢᠷᠠᠬᠤ ᠶᠢᠨ ᠬᠠᠮᠳᠤ ᠰᠢᠨ᠎ᠡ ᠠᠵᠠ ᠲᠣᠬᠢᠶᠠᠯ ᠢ ᠴᠤ ᠪᠤᠢ ᠪᠣᠯᠭᠠᠪᠠ᠃ ᠳᠤᠮᠳᠠᠳᠤ ᠺᠠᠽᠠᠭᠰᠲ᠋ᠠᠨ ᠤ ᠬᠢᠨ ᠤᠯᠤᠰ ᠲᠦᠷᠦ ᠶᠢᠨ ᠢᠲᠡᠭᠡᠯᠴᠡᠭᠡ ᠪᠠᠨ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠠᠵᠤ ᠠᠬᠤᠢ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠦᠷᠭᠡᠳᠭᠡᠵᠦ᠂ ᠳᠤᠮᠳᠠᠳᠤ ᠺᠠᠽᠠᠭᠰᠲ᠋ᠠᠨ ᠤ ᠬᠠᠷᠢᠯᠴᠠᠭ᠎ᠠ ᠶᠢᠨ ᠰᠢᠨ᠎ᠡ ᠨᠡᠮᠡᠭᠳᠡᠯ ᠴᠡᠭ ᠢ ᠪᠤᠢ ᠪᠣᠯᠭᠠᠪᠠᠯ ᠵᠤᠬᠢᠨ᠎ᠠ᠃ ᠰᠠᠯᠬᠢ ᠪᠣᠷᠣᠭᠠᠨ ᠤ ᠳᠠᠷᠠᠭ᠎ᠠ᠂ ᠳᠤᠮᠳᠠᠳᠤ ᠺᠠᠽᠠᠭᠰᠲ᠋ᠠᠨ ᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠬᠠᠮᠳᠤᠷᠠᠯᠴᠠᠭ᠎ᠠ ᠯᠠᠪᠲᠠᠢ ᠨᠡᠩ ᠤᠯᠠᠨ ᠦᠷ᠎ᠡ ᠪᠦᠲᠦᠭᠡᠯ ᠤᠯᠬᠤ ᠶᠢ ᠢᠲᠡᠭᠡᠵᠦ ᠪᠠᠶᠢᠨ᠎ᠠ ᠬᠡᠵᠥ ᠴᠢᠬᠤᠯᠠᠴᠢᠯᠠᠪᠠ᠃      ᠲᠦᠸᠧᠺᠠᠶᠧᠹ᠂ ᠲᠡᠷᠢᠭᠦᠯᠡᠭᠴᠢ ᠠᠪᠤᠭᠠᠢ ᠶᠢᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠷᠠᠳ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠭᠠᠷᠮᠠᠭᠠᠢ ᠠᠮᠵᠢᠯᠲᠠ ᠣᠯᠵᠤ᠂ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠳᠤ ᠢᠲᠡᠭᠡᠯ ᠪᠠ ᠬᠦᠰᠡᠯ ᠡᠷᠡᠮᠡᠯᠵᠡᠯ ᠦᠭᠪᠡ᠃ ᠳᠤᠮᠳᠠᠳᠤ ᠤᠯᠤᠰ ᠤᠨ ᠡᠮ ᠡᠮᠴᠢᠯᠡᠭᠡᠨ ᠤ ᠰᠢᠰᠲ᠋ᠧᠮ ᠤᠨ ᠥᠨᠳᠥᠷ ᠲᠦᠪᠰᠢᠨ ᠪᠣᠯᠤᠨ ᠳᠤᠮᠳᠠᠳᠤ ᠤᠯᠤᠰ ᠤᠨ ᠡᠮᠴᠢ ᠰᠤᠪᠢᠯᠠᠭᠴᠢ ᠶᠢᠨ ᠳᠡᠭᠡᠳᠦ ᠬᠡᠮᠵᠢᠶᠠᠨ ᠤ ᠦᠢᠯᠡᠰ ᠢᠶᠠᠨ ᠳᠡᠭᠡᠳᠦᠯᠡᠬᠦ ᠰᠡᠳᠬᠢᠯᠭᠡ ᠶᠢ ᠪᠦᠬᠦ ᠳᠡᠯᠡᠬᠡᠢ ᠪᠠᠷ ᠢᠶᠠᠨ ᠬᠠᠷᠠᠵᠤ᠂ ᠳᠤᠮᠳᠠᠳᠤ ᠤᠯᠤᠰ ᠡᠭᠡᠳᠡᠷᠡᠭᠡᠨ ᠪᠤᠳᠤᠯᠢᠶᠠᠨᠲᠠᠢ ᠬᠦᠴᠢᠷᠳᠡᠯ ᠪᠠ ᠥᠷᠢᠰᠥᠯᠳᠦᠭᠡᠨ ᠢ ᠠᠷᠭᠠᠴᠠᠭᠠᠬᠤ ᠥᠨᠳᠥᠷ ᠪᠦᠲᠦᠮᠵᠢᠲᠡᠢ ᠵᠠᠰᠠᠯᠲᠠ ᠶᠢᠨ ᠴᠢᠳᠠᠪᠤᠷᠢ ᠪᠠᠨ ᠳᠠᠬᠢᠨᠲᠠ ᠢᠯᠡᠷᠡᠭᠦᠯᠪᠡ᠃ ᠺᠠᠽᠠᠭᠰᠲ᠋ᠠᠨ ᠤ ᠬᠢᠨ ᠡᠭᠦᠨ ᠢ ᠳᠡᠭᠡᠳᠦ ᠬᠡᠮᠵᠢᠶ᠎ᠡ ᠪᠠᠷ ᠦᠨᠡᠯᠡᠬᠦ ᠶᠢᠨ ᠬᠠᠮᠳᠤ ᠪᠠᠶᠠᠷ ᠬᠦᠷᠭᠡᠵᠤ ᠪᠠᠶᠢᠬᠤ ᠪᠠᠨ ᠢᠯᠡᠳᠭᠡᠶ᠎ᠠ᠃ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠪᠦᠬᠦ ᠳᠡᠯᠡᠬᠡᠶ ᠶᠢᠨ ᠬᠡᠪᠴᠢᠶᠠᠨ ᠳᠤ ᠦᠷᠪᠢᠰᠦᠨ ᠳᠡᠯᠭᠡᠷᠡᠵᠦ ᠪᠠᠶᠢᠭ᠎ᠠ ᠪᠣᠯᠬᠤᠷ ᠺᠠᠽᠠᠭᠰᠲ᠋ᠠᠨ ᠴᠤ ᠬᠤᠪᠢ ᠪᠠᠨ ᠬᠦᠭᠡᠭᠡᠳ ᠯᠡ ᠪᠤᠯᠬᠤ ᠪᠢᠰᠢ᠃ ᠺᠠᠽᠠᠭᠰᠲ᠋ᠠᠨ ᠤ ᠬᠢᠨ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠢᠵᠢᠭ ᠢ ᠲᠦᠷᠭᠡᠨ ᠢᠯᠠᠨ ᠳᠠᠪᠠᠭ᠋ᠤ ᠶᠢ ᠬᠦᠰᠡᠵᠦ ᠪᠠᠶᠢᠨ᠎ᠠ᠃ ᠺᠠᠽᠠᠭᠰᠲ᠋ᠠᠨ ᠤ ᠬᠢᠨ ᠺᠠᠽᠠᠭᠰᠲ᠋ᠠᠨ ᠳᠤᠮᠳᠠᠳᠤ ᠶᠢᠨ ᠥᠨᠢᠳᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠪᠠᠷ ᠬᠦᠴᠦᠯᠡᠨ ᠴᠢᠷᠮᠠᠶᠢᠵᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠶᠢ ᠠᠬᠢᠭᠤᠯᠬᠤ ᠨᠢ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠳᠤ ᠪᠦᠷᠢᠮᠦᠰᠦᠨ ᠨᠡᠶᠢᠴᠡᠨ᠎ᠡ᠃ ᠺᠠᠽᠠᠭᠰᠲ᠋ᠠᠨ ᠤ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠤᠨ ᠳᠣᠲᠣᠷᠠᠬᠢ ᠤᠯᠤᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠨ᠎ᠠ ᠬᠡᠵᠥ ᠢᠯᠡᠳᠬᠡᠪᠡ᠃    
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号