ᠤᠯᠠᠮᠵᠢᠯᠠᠯᠲᠤ ᠮᠦᠽᠧᠢ ᠶᠢᠨ ᠣᠳᠣᠬᠢᠴᠢᠯᠠᠯᠲᠠ
ᠨᠡᠶᠢᠲᠡᠯᠡᠭᠰᠡᠨ ᠴᠠᠭ᠄
2020-03-27
     ᠮᠠᠨ ᠤ ᠬᠤᠰᠢᠭᠤᠨ ᠤ ᠬᠢᠨ ᠢᠳᠡᠪᠬᠢᠲᠡᠢ ᠪᠠᠷ ᠮᠦᠽᠧᠢ ᠶᠢᠨ ᠦᠢᠯᠡᠴᠢᠯᠡᠭᠡᠨ ᠤ ᠰᠢᠨ᠎ᠡ ᠡᠭᠦᠳᠦᠯᠲᠡ ᠶᠢ ᠡᠷᠢᠯᠬᠢᠯᠡᠨ 3D ᠲᠣᠭᠠᠴᠢᠯᠠᠭᠰᠠᠨ ᠮᠠᠶ᠋ᠢᠭ ᠤᠨ ᠦᠵᠡᠭᠦᠯᠦᠯᠭᠡ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠣᠯᠠᠨ ᠲᠦᠮᠡᠨ ᠤ ᠭᠡᠷ ᠲᠤ ᠪᠠᠨ ᠰᠠᠭᠤᠵᠤ ᠪᠠᠶᠢᠭᠠᠳ ᠮᠦᠽᠧᠢ ᠪᠠᠷ ᠲᠣᠭᠤᠷᠢᠵᠤ ᠦᠦᠰᠢᠨ ᠤ ᠤᠳᠬ᠎ᠠ ᠰᠣᠶᠣᠯ ᠲᠡᠦᠬᠡᠨ ᠤᠯᠠ ᠮᠥᠷ ᠢ ᠠᠯᠠᠭᠠᠨ ᠳᠡᠭᠡᠷ᠎ᠡ ᠪᠠᠨ ᠬᠠᠷᠠᠵᠤ ᠳᠡᠶᠢᠯᠬᠦ ᠶᠢ ᠪᠠᠲᠤᠯᠠᠵᠤ ᠪᠠᠶᠢᠨ᠎ᠠ᠃     ᠣᠶᠢᠷ᠎ᠠ ᠶᠢᠨ ᠵᠢᠯ ᠤᠨ ᠲᠤᠷᠰᠢ ᠦᠦᠰᠢᠨ ᠬᠤᠰᠢᠭᠤᠨ ᠤ ᠮᠦᠽᠧᠶ ᠶᠢᠨ ᠬᠢᠨ ᠦᠢᠯᠡᠴᠢᠯᠡᠭᠡᠨ ᠤ ᠰᠢᠨ᠎ᠡ ᠠᠷᠭ᠎ᠠ ᠬᠡᠯᠪᠡᠷᠢ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ 2 ᠰᠠᠷ᠎ᠠ ᠶᠢᠨ 16 ᠤᠨ ᠡᠳᠦᠷ ᠠᠴᠠ ᠪᠡᠭᠡᠵᠢᠩ ᠤᠨ ᠵᠢᠶᠠ ᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠠᠵᠢᠯᠯᠠᠵᠤ 150 ᠲᠦᠮᠡᠨ ᠲᠥᠭᠦᠷᠢᠭ ᠤᠨ ᠪᠠᠯᠠ ᠣᠷᠣᠭᠤᠯᠵᠤ ᠪᠥᠬᠦ ᠬᠤᠰᠢᠭᠤᠨ ᠤ 26 ᠮᠦᠽᠧᠶ ᠶᠢᠨ ᠦᠵᠡᠰᠬᠦᠯᠡᠩ ᠤᠨ ᠣᠷᠳᠣᠨ᠂ ᠳᠤᠷᠠᠰᠬᠠᠯ ᠤᠨ ᠣᠷᠳᠣᠨ ᠢ 3D ᠲᠣᠭᠠᠴᠢᠯᠠᠭᠰᠠᠨ ᠮᠦᠽᠧᠶ ᠪᠣᠯᠭᠠᠬᠤ ᠪᠠᠷ ᠲᠥᠯᠥᠪᠯᠡᠵᠦ ᠪᠠᠶᠢᠨ᠎ᠠ᠃ 3D ᠮᠦᠽᠧᠶ ᠳᠤ ᠴᠠᠭ ᠪᠠ ᠣᠷᠣᠨ ᠵᠠᠶ ᠶᠢᠨ ᠬᠢᠵᠠᠭᠠᠷᠯᠠᠯ ᠥᠬᠡᠶ᠂ 2D᠂ 3D ᠬᠡᠯᠪᠡᠷᠢ ᠪᠠᠷ ᠦᠵᠡᠰᠬᠦᠯᠡᠩ ᠤᠨ ᠳᠣᠲᠣᠷᠠᠬᠢ ᠣᠷᠣᠨ ᠵᠠᠶ ᠶᠢᠨ ᠪᠦᠲᠦᠴᠡ ᠶᠢ ᠳᠡᠯᠭᠡᠨ ᠦᠵᠡᠭᠦᠯᠬᠦ ᠶᠢᠨ ᠬᠠᠮᠲᠤ ᠮᠣᠩᠭᠤᠯ ᠬᠢᠲᠠᠳ ᠬᠤᠤᠰ ᠬᠡᠯᠡ ᠪᠠᠷ ᠲᠠᠶᠢᠯᠪᠤᠷᠢᠯᠠᠵᠤ ᠬᠡᠷᠡᠭᠯᠡᠭᠴᠢ ᠭᠠᠷ ᠤᠲᠠᠰᠤ ᠪᠠᠷ ᠢᠶᠠᠨ ᠦᠵᠡᠰᠬᠦᠯᠡᠩ ᠢ ᠲᠣᠭᠤᠷᠢᠨ ᠦᠵᠡᠵᠦ ᠪᠣᠯᠬᠤ ᠮᠥᠷᠲᠡᠭᠡᠨ ᠲᠣᠮᠣᠷᠠᠭᠤᠯᠬᠤ᠂ ᠪᠠᠭᠠᠰᠬᠠᠬᠤ᠂ ᠡᠷᠭᠢᠯᠳᠦᠭᠦᠯᠬᠦ᠂ ᠰᠢᠯᠵᠢᠭᠦᠯᠬᠦ ᠵᠡᠷᠭᠡ ᠴᠢᠳᠠᠮᠵᠢ ᠶᠢ ᠴᠤ ᠭᠦᠢᠴᠡᠳᠬᠡᠵᠦ ᠳᠡᠶᠢᠯᠳᠡᠭ ᠠᠴᠠ ᠥᠷᠭᠡᠨ ᠣᠯᠠᠨ ᠵᠢᠭᠤᠯᠴᠢᠯᠠᠭᠴᠢᠳ ᠢ ᠴᠠᠭ ᠭᠠᠵᠠᠷ ᠣᠷᠣᠨ ᠤ ᠬᠢᠵᠠᠭᠠᠷᠯᠠᠯ ᠦᠭᠡᠢ ᠬᠡᠵᠢᠶ᠎ᠡ ᠬᠠᠮᠢᠭ᠎ᠠ ᠴᠤ ᠭᠡᠭᠰᠡᠨ ᠳᠤᠷᠠᠲᠠᠢ ᠴᠠᠭ ᠲᠠᠭᠠᠨ ᠮᠦᠽᠧᠢ ᠪᠠᠷ ︽ᠲᠣᠭᠤᠷᠢᠵᠤ︾ ᠴᠢᠳᠠᠬᠤ ᠶᠢ ᠪᠡᠶᠡᠯᠡᠭᠦᠯᠦᠭᠰᠡᠨ ᠪᠠᠶᠢᠨ᠎ᠠ᠃ ᠣᠳᠣᠬᠠᠨ ᠳᠤ᠂ ᠦᠦᠰᠢᠨ ᠬᠤᠰᠢᠭᠤᠨ ᠤ ︽ᠮᠠᠯᠵᠢᠬᠤ ᠳ᠋ᠠᠵᠠᠶ ᠶᠢᠨ ᠮᠦᠽᠧᠶ︾᠂  ︽ᠮᠣᠷᠢᠨ ᠬᠤᠭᠤᠷ ᠤᠨ ᠮᠦᠽᠧᠶ︾ ᠵᠡᠷᠭᠡ 7 ᠮᠦᠽᠧᠶ ᠶᠢ ᠰᠦᠯᠵᠢᠶᠡᠨ ᠳᠡᠭᠡᠷ᠎ᠡ ᠭᠠᠷᠭᠠᠵᠤ ᠣᠳᠣ ᠪᠣᠯᠬᠤ ᠳᠤ ᠨᠢᠭᠡᠨᠲᠡ ᠰᠦᠯᠵᠢᠶᠡᠨ ᠳᠡᠭᠡᠷ᠎ᠡ 2 ᠲᠦᠮᠡ ᠭᠠᠷᠤᠶ ᠬᠥᠮᠦᠨ ᠤᠳᠠᠭ᠎ᠠ ᠶᠢᠨ ︽ᠲᠣᠭᠤᠷᠢᠨ ᠦᠵᠡᠭᠴᠢ︾ ᠶᠢ ᠬᠦᠯᠢᠶᠡᠨ ᠠᠪᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号