3 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ ᠪᠥᠬᠦ ᠬᠤᠰᠢᠭᠤᠨ ᠤ | ᠨᠠᠭᠦᠷᠠᠰᠤᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠦᠷᠢᠴᠡᠵᠤ ᠬᠠᠤᠯᠢ ᠠᠴᠠ | ᠵᠦᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠠᠨ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠵᠤ ᠲᠠᠷᠠᠭᠠᠴᠢ ᠶᠢᠨ | ᠠᠯᠬᠤᠮ ᠤᠨ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ | | | | | | | ᠬᠤᠷᠠᠯ ᠲᠡᠭᠡᠷ᠎ᠡ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ | ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠦᠷᠢᠴᠡᠵᠤ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ | ᠴᠡᠭᠴᠡᠯᠡᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠭᠰᠠᠨ ᠤ | ᠬᠠᠮᠲᠤ ︽ᠦᠦᠰᠢᠨ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ | ᠠᠴᠠ ᠵᠦᠷᠢᠴᠡᠵᠤ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾ | ︽ᠦᠦᠰᠢᠨ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ | ᠵᠦᠷᠢᠴᠡᠵᠤ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠬᠢᠨᠠᠯᠲᠠ ᠪᠠᠶᠢᠴᠠᠭᠠᠯᠲᠠ ᠶᠢᠨ | ᠠᠵᠢᠯ ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠤᠯᠤᠰ ᠲᠦᠷᠦ ᠶᠢᠨ ᠵᠣᠭᠰᠣᠴᠠ ᠪᠠᠨ ᠲᠡᠭᠡᠭᠰᠢᠯᠠᠭᠦᠯᠤᠨ ᠲᠤᠰᠬᠠᠢ ᠴᠡᠭᠴᠡᠯᠡᠨ ᠵᠠᠰᠠᠯᠲᠠ ᠶᠢ | ᠥᠷᠨᠢᠭᠦᠯᠭᠦ ᠶᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠨᠵᠡᠭᠡᠢ ᠲᠠᠨᠢᠵᠤ ︽ᠲᠦᠷᠪᠡᠨ ᠤᠬᠠᠮᠰᠠᠷ︾ ᠢ | ᠴᠢᠩᠭᠠᠳᠬᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ᠃ ᠬᠠᠷᠢᠭᠤᠴᠠᠯᠭ᠎ᠠ | ᠡᠭᠦᠷᠭᠡᠯᠠᠨ ᠲᠥᠷᠥ ᠶᠢᠨ ᠪᠣᠳᠣᠯᠭ᠎ᠠ ᠠᠷᠭ᠎ᠠ ᠪᠣᠳᠣᠯᠭ᠎ᠠ ᠶᠢ ᠡᠵᠡᠮᠰᠢᠵᠦ ᠵᠣᠬᠢᠶᠠᠨ ᠪᠠᠶᠢᠭᠤᠯᠤᠯᠳᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ ᠭᠤᠤᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠤᠨ | ᠦᠨᠡᠨ ᠠᠴᠠ ᠵᠥᠪ ᠢ ᠡᠷᠢᠬᠦ᠂ ᠬᠠᠤᠯᠢ ᠲᠣᠭᠲᠠᠭᠠᠯ ᠢ ᠵᠢᠷᠤᠮᠯᠠᠬᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠶᠢ ᠪᠠᠷᠢᠮᠲᠠᠯᠠᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ | ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ ᠠᠵᠢᠯ ᠤᠨ ᠪᠠᠷᠢᠮᠵᠢᠶ᠎ᠠ ᠶᠢ | ᠨᠠᠷᠢᠯᠢᠭᠵᠢᠭᠤᠯᠤᠨ ᠠᠵᠢᠯᠯᠠᠬᠤ ᠲᠦᠷᠢᠮ ᠲᠣᠭᠲᠠᠭᠠᠯ ᠢ ᠲᠣᠳᠣᠷᠬᠠᠶᠢᠯᠠᠨ ᠰᠠᠬᠢᠯᠭ᠎ᠠ ᠪᠠᠲᠤ ᠶᠢ ᠴᠢᠩᠭᠠᠳᠬᠠᠵᠤ ᠣᠪᠣᠷ | ᠨᠢ ᠡᠷᠡᠰ ᠰᠢᠭᠤᠷᠬᠠᠶ᠂ ᠠᠵᠢᠯᠯᠠᠭ᠎ᠠ ᠨᠢ ᠲᠦᠷᠭᠡᠨ᠂ ᠠᠷᠭ᠎ᠠ ᠬᠡᠮᠵᠢᠶ᠎ᠡ ᠨᠢ ᠬᠦᠴᠦᠲᠡᠶ ᠪᠠᠶᠢᠬᠤ ᠶᠢ ᠦᠨᠡᠨᠬᠦ | ᠪᠡᠶᠡᠯᠡᠭᠦᠯᠬᠦ ᠬᠡᠷᠡᠭᠲᠡᠶ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠪᠠᠶᠢᠴᠠᠭᠠᠨ ᠢᠯᠡᠷᠡᠬᠦᠯᠦᠭᠰᠡᠨ | ᠠᠰᠠᠭᠤᠳᠠᠯ ᠢ ᠲᠦᠷᠦᠯ ᠬᠤᠪᠢᠶᠠᠨ ᠰᠤᠳᠤᠯᠤᠨ ᠰᠢᠢᠳᠪᠦᠷᠢᠯᠡᠵᠦ ᠴᠠᠭ ᠲᠠᠷᠤᠢ ᠳᠤᠨᠢ ᠴᠡᠭᠴᠡᠯᠡᠨ ᠰᠠᠶᠢᠵᠢᠷᠠᠭᠤᠯᠵᠤ | ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠪᠠ᠃ |