ᠮᠠᠨ ᠤ ᠬᠤᠰᠢᠭᠤ ᠰᠢᠯᠢᠳᠡᠭ ᠵᠠᠯᠠᠭᠤ ᠺᠠᠳ᠋ᠷ ᠢ ᠰᠤᠩᠭᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠨᠳᠦᠰᠦᠨ ᠱᠠᠳᠤᠨ ᠤ ᠡᠮᠤᠨ᠎ᠡ ᠹᠷᠤᠨᠲ ᠲᠤ ᠬᠦᠨᠵᠡᠬᠡᠶᠢᠷᠡᠬᠦᠯᠵᠥ ᠪᠤᠢ
ᠨᠡᠶᠢᠲᠡᠯᠡᠭᠰᠡᠨ ᠴᠠᠭ᠄
2020-03-31
     ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠶᠢᠯᠠᠯᠳᠤᠭᠠᠨ ᠤ ᠢᠯᠠᠯᠳᠡ ᠶᠢ ᠤᠯᠬᠤ ᠵᠠᠩᠬᠢᠯᠠᠭ᠎ᠠ ᠶᠢᠨ ᠴᠠᠭ ᠮᠦᠴᠡ ᠳᠤ᠂ ᠮᠠᠨ ᠤ ᠬᠤᠰᠢᠭᠤ ᠦᠨᠳᠦᠰᠦᠨ ᠱᠠᠳᠤ ᠶᠢ ᠴᠢᠬᠤᠯᠠᠴᠢᠯᠠᠬᠤ᠂ ᠪᠤᠳᠠᠳᠠᠢ ᠠᠵᠢᠯᠯᠠᠬᠤ ᠶᠢ ᠴᠢᠬᠤᠯᠠᠴᠢᠯᠠᠬᠤ ᠤᠳᠤᠷᠢᠳᠤᠮᠵᠢ ᠶᠢ ᠪᠤᠢ ᠪᠤᠯᠭᠠᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠮᠤᠨ᠎ᠡ ᠹᠷᠤᠨᠲ ᠢ ᠰᠢᠯᠢᠳᠡᠭ ᠵᠠᠯᠠᠭᠤ ᠺᠠᠳ᠋ᠷ ᠤᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ ︽ᠶᠡᠭᠡ ᠲᠠᠪᠴᠠᠩ︾᠂ ᠺᠠᠳ᠋ᠷ ᠢ ᠬᠦᠮᠥᠵᠢᠬᠦᠯᠤᠨ ᠪᠤᠯᠪᠠᠰᠤᠷᠠᠭᠤᠯᠬᠤ ︽ᠰᠤᠷᠢᠯᠳᠡ ᠶᠢᠨ ᠲᠠᠯᠠᠪᠠᠢ︾ ᠪᠤᠯᠭᠠᠵᠥ᠂ 111 ᠺᠠᠳ᠋ᠷ ︵ᠡᠬᠦᠨ ᠳᠤ ᠰᠢᠨ᠎ᠡ ᠪᠠᠷ ᠰᠢᠯᠢᠨ ᠲᠡᠪᠰᠢᠬᠦᠯᠥᠭᠰᠡᠡ ᠰᠠᠯᠠᠭᠠᠨ ᠲᠡᠰ ᠤᠨ ᠺᠠᠳ᠋ᠷ 25 ᠪᠤᠢ︶ ᠢ ᠰᠤᠩᠭᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠨᠳᠦᠰᠦᠨ ᠱᠠᠳᠤᠨ ᠤ ᠡᠮᠤᠨ᠎ᠡ ᠹᠷᠤᠨᠲ ᠲᠤ ᠬᠦᠨᠵᠡᠬᠡᠶᠢᠷᠡᠬᠦᠯᠵᠥ᠂ ᠲᠤᠰᠬᠤᠨ ᠳᠤ ᠰᠠᠭᠤᠬᠤ ᠬᠦᠴᠦᠨ ᠢ ᠤᠯᠠᠮ ᠴᠢᠨᠠᠬᠰᠢᠳᠠ ᠴᠢᠩᠭᠠᠳᠬᠠᠭᠰᠠᠠ ᠪᠦᠬᠡᠳ ᠲᠤᠰᠬᠤᠨ ᠳᠤ ᠰᠠᠭᠤᠭ᠎ᠠ ᠪᠦᠬᠦ ᠺᠠᠳ᠋ᠷ ᠲᠤ ᠬᠦᠮᠥᠨ ᠪᠤᠯᠭᠠᠨ 500 ᠲᠦᠬᠦᠷᠢᠭ ᠤᠨ ᠬᠤᠳᠠᠯᠳᠤᠭᠠᠨ ᠤ ᠲᠠᠭᠠᠳᠬᠠᠯ ᠬᠤᠳᠠᠯᠳᠤᠨ ᠠᠪᠴᠦ ᠦᠭᠬᠦᠭᠰᠡᠡ ᠪᠠᠶᠢᠨ᠎ᠠ᠃ ᠤᠳᠤᠬᠠᠨ ᠳᠤ᠂ ᠪᠦᠬᠦ ᠬᠤᠰᠢᠭᠤᠨ ᠤ ᠲᠤᠰᠬᠤᠨ ᠳᠤ ᠰᠠᠭᠤᠭ᠎ᠠ ᠠᠵᠢᠯᠳᠠᠨ 216 ᠳᠤ ᠬᠦᠷᠴᠦ᠂ ᠪᠦᠬᠦ ᠬᠤᠰᠢᠭᠤᠨ ᠤ 61 ᠭᠠᠴᠠᠭ᠎ᠠ ᠲᠤᠰᠬᠤᠨ ᠤ ᠲᠤᠰᠬᠤᠨ ᠪᠤᠯᠭᠠᠨ ᠳᠤ 3 ᠬᠦᠮᠥᠨ ᠠᠴᠠ ᠲᠡᠭᠡᠭᠰᠢ ᠪᠠᠶᠢᠬᠤ ᠶᠢ ᠪᠡᠶᠡᠯᠡᠬᠦᠯᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠡ ᠡᠬᠦᠷᠬᠡ ᠶᠢ ᠴᠢᠨᠠᠷ ᠰᠠᠶᠢᠳᠠᠢ ᠪᠡᠶᠡᠯᠡᠬᠦᠯᠬᠦ ᠳᠤ ᠬᠦᠴᠦᠲᠦ ᠪᠠᠳᠤᠯᠠᠭ᠎ᠠ ᠬᠠᠩᠭᠠᠭᠰᠠᠠ ᠪᠠᠶᠢᠨ᠎ᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号