ᠨᠢᠳᠣᠨᠣᠨ ᠡᠪᠣᠯ ᠤᠨ ᠶᠡᠭᠡ ᠴᠠᠰᠣ ᠪᠣᠯᠣᠨ ᠡᠨ᠋ᠨ ᠵᠢᠯ ᠤᠨ ᠬᠢᠵᠢᠭ ᠠᠴᠠ ᠪᠤᠯᠵᠤ ᠰᠦᠯᠳᠡ ᠰᠤᠮᠤᠨ ᠤ | ᠮᠠᠯᠴᠢᠨ ᠲᠠᠷᠢᠶᠠᠴᠢᠨ ᠨᠢᠳᠣᠨᠣᠨ ᠵᠢᠯ ᠤᠨ ᠡᠷᠳᠡᠨᠢ ᠰᠢᠰᠢ ᠪᠠᠨ ᠣᠳᠣ ᠪᠣᠯᠳᠠᠯ᠎ᠠ ᠪᠤᠷᠤᠯᠠᠭᠤᠯᠵᠤ ᠲᠡᠶᠢᠯᠦᠭᠰᠡᠨ ᠦᠬᠡᠢ | ᠪᠠᠶᠢᠵᠠᠢ᠃ ᠡᠨᠡ ᠨᠢ ᠪᠡᠯᠡ ᠮᠦᠩᠬᠦᠨ ᠤ ᠡᠷᠭᠢᠯᠲᠡ ᠶᠢ ᠬᠠᠷᠰᠢᠯᠠᠭᠰᠠᠨ ᠮᠦᠷᠳᠡᠭᠡᠨ ᠨᠢᠳᠤᠨ ᠡᠮᠦᠨᠡᠭᠢ ᠬᠠᠪᠤᠷ ᠤᠨ | ᠲᠠᠷᠢᠶᠠᠯᠠᠭ᠎ᠠ ᠶᠢᠨ ᠪᠡᠯᠡᠳᠭᠡᠯ ᠢ ᠶᠡᠬᠡᠪᠡᠷ ᠬᠠᠷᠰᠢᠯᠠᠵᠠᠢ᠃ ᠡᠨᠡ ᠪᠠᠶᠢᠳᠠᠯ ᠳᠤ ᠰᠦᠯᠳᠠ ᠰᠣᠮᠣᠨ ᠤ ᠬᠢᠨ ᠠᠮᠣ | ᠪᠣᠳᠠᠭᠠᠨ ᠤ ᠬᠦᠮᠣᠷᠭᠡ ᠪᠣᠯᠣᠨ ᠠᠮᠣ ᠪᠣᠳᠠᠭ᠎ᠠ ᠬᠤᠷᠢᠶᠠᠬᠤ ᠬᠤᠷᠰᠢᠶᠠᠵᠢᠯ ᠲᠠᠢ ᠢᠳᠡᠪᠬᠢᠳᠡᠢ ᠬᠠᠷᠢᠯᠴᠠᠬᠤ ᠪᠠᠷ | ᠲᠠᠮᠵᠢᠭᠠᠳ ᠮᠠᠯᠴᠢᠨ ᠲᠠᠷᠢᠶᠠᠴᠢᠳ ᠤᠨ ᠳᠠᠷᠣᠭᠳᠠᠭᠰᠠᠨ ᠡᠷᠳᠡᠨᠢ ᠰᠢᠰᠢ ᠶᠢ ᠪᠣᠷᠣᠯᠠᠭᠤᠯᠣᠭᠠᠳ ᠲᠤᠯᠭᠠᠮ ᠬᠦᠴᠢᠷᠳᠡᠯ | ᠢ ᠨᠢ ᠰᠢᠢᠳᠪᠦᠷᠢᠯᠡᠵᠦ ᠥᠭᠬᠦᠯ᠎ᠡ᠃ | ᠰᠦᠯᠳᠡ ᠰᠣᠮᠣᠨ ᠤ ᠪᠣᠷᠣᠬᠦ᠋ᠳᠡᠭᠡ ᠭᠠᠴᠠᠭᠠᠨ ᠤ ᠮᠠᠯᠴᠢᠨ ᠰᠡᠴᠡᠨᠪᠢᠯᠢᠭ ᠤᠨ ᠬᠢᠨ ᠨᠢᠳᠣᠨᠣᠨ 100 | ᠭᠠᠷᠣᠢ ᠮᠤ᠋ ᠲᠠᠷᠢᠶᠠᠨ ᠭᠠᠵᠠᠷ ᠠᠴᠠ ᠪᠠᠨ 30 ᠭᠠᠷᠣᠢ ᠲᠤᠨ ᠡᠷᠳᠡᠨᠢ ᠰᠢᠰᠢ ᠬᠤᠷᠢᠶᠠᠵᠣ ᠡᠯᠪᠡᠭ ᠬᠤᠷᠢᠶᠠᠯᠳᠠ | ᠤᠯᠤᠭᠰᠠᠨ ᠴᠤ ᠨᠢᠳᠣᠨᠣᠨ ᠡᠪᠣᠯ ᠤᠨ ᠶᠡᠭᠡ ᠴᠠᠰᠤ ᠡᠨ᠋ᠨ ᠬᠠᠪᠣᠷ ᠤᠨ ᠬᠢᠵᠢᠭ ᠡᠪᠡᠳᠴᠢᠨ ᠠᠴᠠ ᠪᠤᠯᠵᠤ ᠡᠷᠳᠡᠨᠢ | ᠰᠢᠰᠢ ᠪᠠᠨ ᠬᠤᠳᠠᠯᠳᠣᠵᠣ ᠳᠡᠶᠢᠯᠣᠭ᠍ᠰᠠᠨ ᠦᠬᠡᠢ ᠰᠠᠨᠳᠣᠷᠴᠣ ᠪᠠᠶᠢᠵᠠᠢ᠃ ᠰᠦᠯᠳᠠ ᠰᠣᠮᠣᠨ ᠤ ᠵᠠᠰᠠᠭ ᠤᠨ | ᠣᠷᠳᠣᠨ ᠤ ᠵᠣᠬᠢᠴᠠᠭᠤᠯᠭ᠎ᠠ ᠪᠠᠷ ︽ᠱᠣᠸᠠᠩ ᠶᠢᠩ︾ ᠲᠠᠷᠢᠵᠣ ᠳᠠᠵᠢᠭᠡᠭᠦ ᠳᠣᠰᠬᠠᠢ ᠬᠤᠷᠰᠢᠶᠠᠵᠢᠯ ᠤᠨ ᠬᠢᠨ | ᠡᠷᠳᠡᠨᠢ ᠰᠢᠰᠢ ᠬᠤᠷᠢᠶᠠᠬᠤ ᠮᠠᠰᠢᠨ ᠲᠦᠬᠦᠭᠡᠷᠦᠮᠵᠢ ᠪᠠᠨ ᠠᠪᠴᠣ ᠡᠭᠦᠳᠡᠨ ᠳᠡᠭᠡᠷ᠎ᠡ ᠨᠢ ᠢᠷᠡᠵᠣ ᠡᠷᠳᠡᠨᠢ ᠰᠢᠰᠢ ᠶᠢ | ᠨᠢ ᠵᠠᠬ᠎ᠠ ᠤᠨ ᠦᠨ᠎ᠠ ᠪᠠᠷ ᠬᠤᠷᠢᠶᠠᠵᠤ ᠠᠪᠤᠯ᠎ᠠ᠃ | ᠰᠦᠯᠳᠡ ᠰᠣᠮᠣᠨ ᠤ ︽ᠱᠣᠸᠠᠩ ᠶᠢᠩ︾ ᠲᠠᠷᠢᠵᠣ ᠳᠠᠵᠢᠭᠡᠭᠦ ᠳᠣᠰᠬᠠᠢ ᠬᠤᠷᠰᠢᠶᠠᠵᠢᠯ ᠵᠢᠯ ᠳᠡᠭᠡᠨ ᠣᠶᠢᠷ᠎ᠠ | ᠣᠷᠴᠢᠮ ᠤᠨ ᠮᠠᠯᠴᠢᠨ ᠳᠠᠷᠢᠶᠠᠴᠢᠳ ᠤᠨ ᠭᠤᠷᠪᠡᠨ ᠲᠦᠮᠡ ᠭᠠᠷᠣᠢ ᠲᠤᠨ ᠡᠷᠳᠡᠨᠢ ᠰᠢᠰᠢ ᠶᠢ ᠬᠤᠷᠢᠶᠠᠨ ᠠᠪᠴᠣ | ᠬᠠᠳᠠᠭᠠᠨ ᠴᠡᠪᠡᠷᠯᠡᠭᠰᠡᠨ ᠤ ᠳᠠᠷᠠᠭ᠎ᠠ ᠨᠢᠭᠡᠳᠣᠯᠳᠡᠢ ᠪᠤᠷᠤᠯᠠᠭᠤᠯᠳᠠᠭ᠃ ᠬᠢᠵᠢᠭ ᠤᠨ ᠨᠥᠯᠦᠭᠡᠯᠡᠯ ᠠᠴᠠ ᠪᠤᠯᠵᠤ | ᠬᠤᠷᠰᠢᠶᠠᠵᠢᠯ ᠤᠨ ᠬᠢᠨ ᠴᠤ ᠡᠷᠳᠡᠨᠢ ᠰᠢᠰᠢ ᠬᠤᠷᠢᠶᠠᠵᠤ ᠪᠤᠷᠤᠯᠠᠭᠤᠯᠬᠤ ᠠᠵᠢᠯ ᠢᠶᠠᠨ ᠶᠠᠪᠤᠭᠳᠠᠭᠤᠯᠬᠤ ᠠᠷᠭ᠎ᠠ | ᠦᠭᠡᠢ ᠪᠠᠶᠢᠭᠰᠠᠨ ᠪᠣᠯ ᠡᠨᠡ ᠤᠳᠠᠭᠠᠨ ᠤ ᠰᠣᠮᠣᠨ ᠤ ᠵᠤᠬᠢᠴᠠᠭᠤᠯᠭ᠎ᠠ ᠨᠢ ᠬᠤᠷᠰᠢᠶᠠᠵᠢᠯ ᠪᠤᠯᠤᠨ ᠮᠠᠯᠴᠢᠨ | ᠲᠠᠷᠢᠶᠠᠴᠢᠳ ᠲᠤ ᠪᠦᠷ ᠠᠰᠢᠭ ᠬᠦᠷᠳᠡᠭᠡᠵᠡᠢ᠃ | ᠰᠦᠯᠳᠡ ᠰᠣᠮᠣ ᠬᠢᠵᠢᠭ ᠡᠪᠡᠳᠴᠢᠨ ᠢ ᠰᠠᠷᠭᠡᠶᠢᠯᠡᠨ ᠡᠵᠡᠮᠳᠡᠬᠦ ᠠᠵᠢᠯ ᠢ ᠰᠠᠶᠢᠳᠣᠷ ᠬᠢᠭᠰᠡᠨ ᠤᠷᠢᠳᠠᠯ | ᠲᠤᠤᠷ᠎ᠠ ᠠᠵᠢᠯ ᠢᠶᠠᠨ ᠡᠬᠢᠯᠡᠭᠦᠯᠵᠤ ᠦᠢᠯᠡᠳᠪᠤᠷᠢᠯᠠᠯ ᠢᠶᠠᠨ ᠰᠡᠷᠭᠦᠭᠡᠬᠦ ᠵᠠᠷᠴᠢᠮ ᠢᠶᠠᠷ ᠮᠠᠯᠴᠢᠳ ᠤᠨ | ᠣᠶᠢᠯᠡᠳᠪᠣᠷᠢᠯᠡᠯ ᠠᠮᠢᠳᠣᠷᠠᠯ ᠲᠤᠮᠳᠠᠭᠢ ᠬᠦᠴᠢᠷᠳᠡᠯ ᠢ ᠤᠷᠢᠳᠠᠪᠠᠷ ᠰᠢᠢᠳᠪᠤᠷᠢᠯᠡᠬᠦ ᠠᠵᠢᠯ ᠤᠨ ᠠᠷᠭ᠎ᠠ ᠶᠢ | ᠬᠡᠷᠡᠭᠵᠢᠬᠦᠯᠵᠡᠢ᠃ ᠢᠩᠬᠢᠬᠡᠳ ᠶᠠᠭᠤᠨ ᠤ ᠡᠮᠦᠨ᠎ᠡ ᠮᠠᠯᠴᠢᠳ ᠤᠨ ᠲᠠᠷᠤᠭᠳᠠᠭᠰᠠᠨ ᠡᠷᠳᠡᠨᠢ ᠰᠢᠰᠢ ᠶᠢ | ᠪᠣᠷᠣᠯᠠᠭᠤᠯᠬᠤ ᠪᠠᠷ ᠠᠮᠤ ᠪᠤᠳᠠᠭᠠᠨ ᠤ ᠬᠦᠮᠦᠷᠭᠡ᠂ ᠲᠤᠰᠬᠠᠢ ᠬᠤᠷᠰᠢᠶᠠᠵᠢᠯ ᠵᠡᠷᠬᠡ ᠲᠠᠢ ᠢᠳᠡᠪᠬᠢᠳᠡᠢ ᠬᠠᠷᠢᠯᠴᠠᠵᠤ | ᠵᠤᠬᠢᠴᠠᠭᠤᠯᠬᠤ ᠪᠠᠷ ᠲᠠᠮᠵᠢᠭᠠᠳ ᠠᠩᠬ᠎ᠠ ᠠᠯᠬᠤᠮ 500 ᠭᠠᠷᠣᠢ ᠡᠷᠣᠭᠡ ᠶᠢᠨ 10600 ᠭᠠᠷᠣᠢ ᠲᠤᠨ ᠡᠷᠳᠡᠨᠢ | ᠰᠢᠰᠢ ᠶᠢ ᠵᠠᠬ᠎ᠠ ᠤᠨ ᠦᠨ᠎ᠡ ᠪᠠᠷ ᠪᠤᠷᠤᠯᠠᠭᠤᠯᠵᠤ ᠮᠠᠯᠴᠢᠳ ᠶᠢᠨ ᠲᠤᠯᠭᠠᠮ ᠬᠦᠴᠢᠷᠳᠡᠯ ᠢ ᠰᠢᠢᠳᠪᠤᠷᠢᠯᠡᠭᠰᠡᠨ ᠪᠠᠶᠢᠨ᠎ᠠ | ᠃ |