ᠠᠯᠢ ᠶᠢ ᠨᠢ ᠴᠦ ᠤᠰᠤᠯᠳᠠᠭᠤᠯᠬᠤ ᠦᠭᠡᠢ
ᠨᠡᠶᠢᠲᠡᠯᠡᠭᠰᠡᠨ ᠴᠠᠭ᠄
2020-03-06
     ᠬᠠᠪᠤᠷ ᠪᠤᠯᠵᠤ ᠬᠠᠮᠤᠭ ᠠᠮᠢᠳᠠᠨ ᠲᠦᠯᠵᠢᠵᠤ ᠡᠬᠢᠯᠡᠯ᠎ᠡ᠃ ᠬᠦᠳᠡᠭᠡ ᠨᠤᠳᠤᠭ ᠲᠤ ᠬᠤᠷᠠᠭ᠎ᠠ ᠢᠰᠢᠭᠡ ᠮᠠᠶᠢᠯᠠᠯᠳᠤᠨ ᠬᠦᠭᠵᠢᠶᠡᠨᠳᠤ ᠬᠠᠪᠤᠷ ᠤᠨ ᠤᠶᠠᠬᠠᠨ ᠡᠭᠡᠰᠢᠭ ᠢ ᠴᠢᠪᠬᠠᠳᠠᠵᠤ᠂ ᠬᠦᠭᠡ ᠮᠤᠩᠭᠤᠯ ᠤᠨ ᠬᠦᠮᠤᠨ ᠠᠷᠠᠳ ᠤᠨ ᠰᠡᠳᠬᠢᠯ ᠢ ᠪᠠᠶᠠᠰᠬᠠᠨ᠎ᠠ᠃      ᠬᠢᠵᠢᠭ ᠲᠡᠯᠭᠡᠷᠡᠵᠤ ᠬᠦᠯ ᠬᠤᠷᠢᠬᠰᠠᠨ ᠪᠤᠯᠪᠠᠴᠤ ᠮᠠᠯᠴᠢᠨ ᠠᠷᠠᠳ ᠤᠨ ᠮᠠᠨᠢ ᠮᠠᠯᠵᠢᠬᠤ ᠦᠢᠯᠡᠳᠪᠤᠷᠢᠯᠡᠯ ᠶᠡᠷᠤ ᠲᠠᠰᠤᠯᠳᠠᠭ᠎ᠠ ᠦᠭᠡᠢ᠂ ᠮᠤᠩᠭᠤᠯ ᠬᠦᠮᠤᠨ ᠤ ᠠᠮᠢᠳᠤᠷᠠᠬᠤᠢ ᠶᠢᠨ ᠤᠬᠠᠭᠠᠨ ᠤ ᠭᠠᠶᠢᠬᠠᠮᠰᠢᠭ ᠢ ᠬᠠᠷᠠᠭᠤᠯᠤᠨ᠎ᠠ᠃      2 ᠰᠠᠷ᠎ᠠ ᠶᠢᠨ 28 ᠤ ᠡᠳᠤᠷ ᠰᠦᠯᠳᠡ ᠰᠤᠮᠤᠨ ᠤ ᠲᠠᠯ᠎ᠠ ᠶᠢᠨ ᠤᠰᠤ ᠭᠠᠴᠠᠭᠠᠨ ᠤ ᠨᠠᠮ ᠤᠨ ᠡᠬᠦᠷ ᠤᠨ ᠱᠦᠵᠢ ᠪᠠᠭᠠᠨ᠎ᠠ ᠶᠢ ᠤᠳᠠᠰᠤ ᠪᠠᠷ ᠰᠤᠷᠪᠤᠯᠵᠢᠯᠠᠵᠤ ᠮᠠᠯᠴᠢᠳ ᠤᠨ ᠦᠢᠯᠡᠳᠪᠤᠷᠢᠯᠠᠯ ᠤᠨ ᠪᠠᠶᠢᠳᠠᠯ ᠢ ᠠᠰᠠᠭᠤᠬᠤ ᠳᠤ ᠲᠡᠷᠡ᠄ ︽ᠮᠠᠯ ᠰᠦᠷᠦᠭ ᠮᠡᠨᠳᠤ᠂ ᠶᠠᠭ ᠲᠦᠯ ᠲᠤᠰᠴᠤ ᠪᠠᠶᠢᠨ᠎ᠠ᠂ ᠡᠪᠡᠰᠤ ᠪᠤᠷᠳᠤᠭ᠎ᠠ ᠬᠠᠨᠭ᠍ᠭᠠᠯᠳᠠ ᠲᠠᠢ᠃ ᠲᠦᠷᠦᠬᠦᠭᠡᠨ ᠤᠷᠭᠠᠨᠢᠭ ᠪᠤᠷᠳᠤᠭᠤᠷ ᠤᠨ ᠦᠢᠯᠡᠳᠪᠤᠷᠢ ᠶᠢᠨ ᠲᠤᠷᠰᠢᠯᠳᠠ ᠶᠢᠨ ᠲᠠᠷᠢᠶ᠎ᠠ ᠪᠠᠨ ᠲᠠᠷᠢᠯ᠎ᠠ︾ ᠭᠡᠪᠡ᠃      ᠲᠠᠯ᠎ᠠ ᠶᠢᠨ ᠤᠰᠤ ᠭᠠᠴᠠᠭᠠᠨ ᠤ ᠠᠮᠢᠳᠤ ᠪᠤᠳᠠᠰ ᠤᠨ ᠤᠷᠭᠠᠨᠢᠭ ᠪᠤᠷᠳᠤᠭᠤᠷ ᠤᠨ ᠦᠢᠯᠡᠳᠪᠤᠷᠢ ᠨᠢ 2019 ᠤᠨ ᠤ 7 ᠰᠠᠷ᠎ᠠ ᠳᠤ ᠠᠰᠢᠬᠯᠠᠯᠳᠠ ᠳᠤ ᠤᠷᠤᠵᠠᠢ᠃ ᠦᠢᠯᠡᠳᠪᠤᠷᠢ ᠨᠢ ᠲᠦᠷᠪᠡᠭᠡᠨ ᠠᠵᠢᠯᠳᠠᠨ ᠲᠠᠢ ᠪᠦᠭᠡᠳ ᠴᠦᠮ ᠲᠤᠰ ᠭᠠᠴᠠᠭᠠᠨ ᠤ ᠬᠦᠮᠤᠨ᠂ ᠲᠡᠷᠡ ᠮᠦᠷᠳᠡᠭᠡᠨ ᠡᠭᠡᠯᠵᠢ ᠪᠠᠷ ᠵᠢᠵᠢᠬᠦᠷᠯᠡᠨ ᠠᠵᠢᠯᠯᠠᠳᠠᠭ ᠪᠤᠯᠬᠤᠷ ᠬᠢᠵᠢᠭ ᠤᠨ ᠪᠠᠴᠢᠮ ᠴᠠᠭ ᠦᠶ᠎ᠡ ᠳᠤ ᠴᠦ ᠦᠢᠯᠡᠳᠪᠤᠷᠢᠯᠠᠯ ᠢᠶᠠᠨ ᠪᠠᠷᠤᠭ ᠵᠤᠬᠰᠤᠭᠠᠬᠰᠠᠨ ᠦᠭᠡᠢ᠂ ᠪᠠᠭ᠎ᠠ ᠪᠠᠭ᠎ᠠ ᠪᠠᠷ ᠦᠢᠯᠡᠳᠪᠤᠷᠢᠯᠡᠵᠤ ᠪᠠᠶᠢᠪᠠ᠃ ᠡᠳᠤᠭᠡ ᠦᠢᠯᠡᠳᠪᠤᠷᠢᠯᠡᠭᠰᠡᠨ ᠤᠷᠭᠠᠨᠢᠭ ᠪᠤᠷᠳᠤᠭᠤᠷ ᠨᠢ 500 ᠲᠤᠨ ᠰᠢᠬᠠᠮ ᠪᠠᠶᠢᠵᠤ᠂ 200 ᠭᠠᠷᠤᠢ ᠲᠤᠨ ᠢ ᠨᠢ ᠬᠤᠳᠠᠯᠳᠤᠬᠤ ᠪᠠᠷ ᠪᠤᠯᠵᠤᠭᠠᠳ ᠪᠠᠶᠢᠨ᠎ᠠ᠃      ᠬᠠᠪᠤᠷ ᠤᠨ ᠲᠠᠷᠢᠶᠠᠯᠠᠭ᠎ᠠ ᠶᠢᠨ ᠬᠤᠭᠤᠴᠠᠭ᠎ᠠ ᠬᠦᠷᠴᠤ ᠢᠷᠡᠭᠰᠡᠨ ᠲᠤᠯᠠ ᠲᠡᠳᠡ ᠤᠷᠭᠠᠨᠢᠭ ᠪᠤᠷᠳᠤᠭᠤᠷ ᠤᠨ ᠲᠤᠷᠰᠢᠯᠳᠠ ᠶᠢᠨ ᠲᠠᠷᠢᠶᠠᠨ ᠤ ᠬᠦᠯᠡᠮᠵᠢᠨ ᠳᠡᠭᠡᠨ ᠪᠤᠷᠳᠤᠭᠤᠷ ᠤᠨ ᠢᠶᠠᠨ ᠴᠢᠨᠠᠷ ᠢ ᠰᠢᠯᠭᠠᠬᠤ ᠪᠠᠷ ᠠᠮᠳᠠᠳᠤ ᠭᠡᠮᠭᠡ ᠲᠠᠷᠢᠬᠰᠠᠨ ᠪᠠᠶᠢᠨ᠎ᠠ᠃ ᠲᠤᠷᠰᠢᠯᠳᠠ ᠶᠢᠨ ᠲᠠᠷᠢᠶᠠᠨ ᠤ ᠲᠠᠯᠠᠪᠠᠢ ᠨᠢ 2.3 ᠮᠤ᠋᠃ ᠬᠢᠵᠢᠭ ᠤᠨ ᠪᠠᠶᠢᠳᠠᠯ ᠠᠴᠠ ᠪᠤᠯᠵᠤ ᠭᠠᠳᠠᠨ᠎ᠠ ᠤᠷᠤᠨ ᠠᠴᠠ ᠰᠤᠶᠤᠭ᠎ᠠ ᠠᠪᠴᠢᠷᠠᠵᠤ ᠲᠡᠶᠢᠯᠦᠭᠰᠡᠨ ᠦᠭᠡᠢ᠂ ᠭᠠᠯᠠᠭᠤᠳᠤ ᠪᠠᠯᠭᠠᠰᠤᠨ ᠠᠴᠠ ᠨᠢᠭᠡ ᠪᠦᠯᠦᠭ ᠠᠮᠳᠠᠳᠤ ᠭᠡᠮᠭᠡ ᠶᠢᠨ ᠰᠤᠶᠤᠭ᠎ᠠ ᠤᠯᠵᠤ ᠲᠠᠷᠢᠭᠠᠳ ᠦᠯᠡᠳᠡᠭᠰᠡᠨ ᠭᠠᠵᠠᠷ ᠲᠤᠨᠢ ᠠᠮᠳᠠᠳᠤ ᠭᠡᠮᠭᠡ ᠶᠢᠨ ᠦᠷ᠎ᠠ ᠰᠠᠴᠤᠵᠤ ᠲᠠᠷᠢᠬᠰᠠᠨ ᠪᠠᠶᠢᠨ᠎ᠠ᠃      ︽ᠤᠳᠤ ᠪᠢᠳᠡ ᠤᠷᠭᠠᠨᠢᠭ ᠪᠤᠷᠳᠤᠭᠤᠷ ᠤᠨ ᠢᠶᠠᠨ ᠲᠠᠸᠠᠷ ᠤᠨ ᠱᠤᠰᠢᠭ᠎ᠠ ᠪᠤᠯᠤᠨ ᠤᠭᠤᠳᠠ ᠶᠢ ᠬᠢᠵᠤ ᠶᠠᠭᠠᠷᠠᠵᠤ ᠪᠠᠶᠢᠨ᠎ᠠ᠃ ᠡᠨᠡ ᠠᠵᠢᠯ ᠢ ᠲᠠᠭᠤᠰᠬᠠᠪᠠᠯ ᠪᠤᠷᠳᠤᠭᠤᠷ ᠢᠶᠠᠨ ᠤᠭᠤᠳᠠᠯᠠᠭᠠᠳ ᠵᠠᠬ᠎ᠠ ᠳᠤ ᠭᠠᠷᠭᠠᠨ᠎ᠠ᠂ ᠪᠠᠷᠤᠭ ᠬᠠᠭᠠᠰ ᠰᠠᠷ᠎ᠠ ᠶᠢᠨ ᠲᠠᠷᠠᠭ᠎ᠠ ᠮᠠᠨ ᠤ ᠠᠮᠢᠳᠤ ᠪᠤᠳᠠᠰ ᠤᠨ ᠤᠷᠭᠠᠨᠢᠭ ᠪᠤᠷᠳᠤᠭᠤᠷ ᠵᠠᠬ᠎ᠠ ᠲᠡᠯᠭᠡᠬᠦᠷ ᠲᠤ ᠭᠠᠷᠴᠢᠬᠠᠨ᠎ᠠ︾ ᠭᠡᠵᠤ ᠪᠠᠭᠠᠨ᠎ᠠ ᠱᠦᠵᠢ ᠶᠠᠷᠢᠨ᠎ᠠ᠃      ᠲᠠᠯ᠎ᠠ ᠶᠢᠨ ᠤᠰᠤ ᠭᠠᠴᠠᠭ᠎ᠠ ᠮᠠᠯ ᠲᠠᠷᠢᠶᠠᠯᠠᠩ ᠤᠨ ᠦᠢᠯᠡᠳᠪᠤᠷᠢᠯᠡᠯ ᠢ ᠴᠢᠩᠭ᠎ᠠ ᠠᠳᠬᠤᠬᠤ ᠶᠢᠨ ᠬᠠᠮᠳᠤ ᠬᠢᠵᠢᠭ ᠢ ᠰᠡᠷᠭᠡᠶᠢᠯᠡᠬᠦ ᠠᠵᠢᠯ ᠢ ᠴᠦ ᠴᠢᠩᠭ᠎ᠠ ᠠᠳᠬᠤᠵᠤ᠂ ᠬᠤᠶᠠᠷ ᠢ ᠦᠯᠦ ᠤᠰᠤᠯᠳᠠᠭᠤᠯᠬᠤ ᠪᠠᠷ ᠴᠢᠷᠮᠠᠶᠢᠵᠤ ᠪᠠᠶᠢᠨ᠎ᠠ᠃      ᠭᠠᠴᠠᠭᠠᠨ ᠠᠴᠠ 50 ᠮᠠᠯᠴᠢᠨ ᠲᠦᠯᠦᠭᠡᠯᠡᠭᠴᠢ ᠪᠤᠯᠤᠨ ᠨᠠᠮ ᠤᠨ ᠭᠡᠰᠢᠬᠦᠨ ᠢᠶᠠᠷ ᠪᠦᠷᠢᠯᠳᠦᠭᠰᠡᠨ ︽ᠳᠠᠶᠢᠯᠠᠯᠳᠤᠭᠠᠨ ᠤ ᠠᠩᠭᠢ︾ ᠶᠢ ᠵᠤᠬᠢᠶᠠᠨ ᠪᠠᠶᠢᠭᠤᠯᠵᠤ᠂ ᠪᠦᠬᠦ ᠭᠠᠴᠠᠭᠠᠨ ᠤ 288 ᠰᠠᠭᠤᠭᠠᠯᠢ ᠡᠷᠤᠭᠡ ᠶᠢ ᠬᠦᠮᠤᠨ ᠪᠦᠷᠢ ᠲᠠᠪᠤ ᠵᠢᠷᠭᠤᠭᠠᠨ ᠡᠷᠤᠭᠡ ᠲᠠᠭᠠᠭᠠᠴᠢᠯᠠᠨ ᠡᠳᠤᠷ ᠲᠤ ᠪᠠᠶᠢᠴᠠᠭᠠᠵᠤ ᠬᠠᠷᠢᠭᠤ ᠮᠡᠳᠡᠬᠦᠯᠵᠤ ᠪᠠᠶᠢᠬᠤ ᠪᠦᠭᠡᠳ ᠭᠠᠴᠠᠭᠠᠨ ᠤ ᠬᠤᠶᠠᠷ ᠡᠮᠴᠢ ᠨᠢ ᠪᠠᠶ᠎ᠠ ᠶᠢᠨ ᠲᠤᠯᠠᠭᠠᠨ ᠢ ᠭᠡᠮᠵᠢᠬᠦ᠂ ᠠᠷᠢᠭᠤᠳᠬᠠᠬᠤ᠂ ᠭᠠᠳᠠᠨ᠎ᠠ ᠠᠴᠠ ᠢᠷᠡᠭᠰᠡᠨ ᠬᠦᠮᠤᠰ ᠢ ᠪᠦᠷᠢᠳᠭᠡᠬᠦ ᠠᠵᠢᠯ ᠢ ᠬᠢᠵᠤ ᠪᠠᠶᠢᠨ᠎ᠠ᠃ ᠬᠤᠰᠢᠭᠤᠨ ᠤ ᠲᠠᠭᠠᠭᠠᠴᠢᠯᠠᠨ ᠬᠠᠮᠢᠶᠠᠷᠴᠤ ᠪᠠᠶᠢᠬᠤ ᠪᠠᠶᠢᠭᠤᠯᠭ᠎ᠠ ᠨᠢᠭᠡᠴᠢ ᠨᠢ ᠠᠮᠠᠪᠴᠢ᠂ ᠠᠷᠢᠭᠤᠳᠬᠠᠬᠤ ᠰᠢᠩᠭᠡᠨ ᠵᠡᠷᠭᠡ ᠬᠢᠵᠢᠭ ᠢ ᠰᠡᠷᠭᠡᠶᠢᠯᠡᠬᠦ ᠪᠤᠳᠠᠰ ᠢ ᠪᠦᠷᠢᠨ ᠬᠠᠨᠭ᠍ᠭᠠᠵᠤ ᠪᠤᠢ᠃     ᠲᠤᠷᠰᠢᠯᠳᠠ ᠶᠢᠨ ᠲᠠᠷᠢᠶ᠎ᠠ ᠶᠢ ᠲᠠᠭᠠᠭᠠᠴᠢᠯᠠᠨ ᠬᠠᠮᠢᠶᠠᠷᠴᠤ ᠪᠠᠶᠢᠭ᠎ᠠ ᠭᠠᠴᠠᠭᠠᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠡᠷᠬᠢᠯᠡᠭᠴᠢ ᠠᠯᠳᠠᠨᠴᠢᠮᠡᠭ᠄ ︽ᠲᠤᠷᠰᠢᠯᠳᠠ ᠶᠢᠨ ᠲᠠᠷᠢᠶ᠎ᠠ ᠶᠢ 2 ᠰᠠᠷ᠎ᠠ ᠶᠢᠨ 20 ᠤ ᠡᠳᠦᠷ ᠠᠴᠠ ᠡᠬᠢᠯᠡᠨ ᠲᠠᠷᠢᠭᠠᠳ ᠭᠤᠷᠪᠠᠨ ᠡᠳᠤᠷ ᠲᠠᠷᠢᠵᠠᠢ᠃ ᠲᠠᠷᠢᠬᠤ ᠦᠶᠡᠰ ᠭᠠᠴᠠᠭᠠᠨ ᠤ ᠠᠷᠪᠠᠭᠠᠳ ᠬᠦᠮᠤᠨ ᠤᠷᠤᠯᠴᠠᠪᠠ᠃ ᠤᠳᠤ ᠡᠭᠡᠯᠵᠢᠯᠡᠨ ᠠᠵᠢᠯᠯᠠᠵᠤ ᠡᠳᠤᠷ ᠲᠤ ᠨᠢᠭᠡ ᠬᠦᠮᠤᠨ ᠤᠴᠢᠭᠠᠳ ᠲᠠᠷᠢᠶ᠎ᠠ ᠪᠠᠨ ᠦᠵᠡᠪᠡᠯ ᠪᠤᠯᠴᠢᠬᠠᠨ᠎ᠠ︾ ᠭᠡᠵᠤ ᠪᠠᠶᠢᠯ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号