ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠮᠠᠨ ᠤ ᠬᠤᠰᠢᠭᠤᠨ ᠤ ᠠᠷᠠᠳ ᠤᠨ ᠪᠠᠶᠢᠴᠠᠭᠠᠬᠤ | ᠬᠤᠷᠢᠶ᠎ᠠ ᠳᠡᠭᠡᠳᠤ ᠱᠠᠳᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠬᠢᠷᠠᠭᠤᠯᠤᠯᠳᠠ | ᠶᠤᠰᠤᠭᠠᠷ᠂ ᠪᠠᠶᠢᠴᠠᠭᠠᠬᠤ ᠬᠤᠷᠢᠶᠠᠨ ᠤ ᠡᠬᠦᠷᠭᠡ ᠬᠠᠷᠢᠭᠤᠴᠠᠯᠭ᠎ᠠ ᠶᠢ ᠡᠷᠡᠰ ᠡᠬᠦᠷᠭᠡᠯᠡᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠤᠳᠤᠬᠠᠨ ᠤ ᠬᠠᠮᠤᠭ ᠤᠨ ᠴᠢᠬᠤᠯᠠ ᠠᠵᠢᠯ ᠪᠤᠯᠭᠠᠨ ᠠᠳᠬᠤᠵᠤ᠂ ᠢᠳᠡᠪᠬᠢᠳᠡᠢ ᠪᠠᠷ | ᠠᠵᠢᠯᠯᠠᠨ᠂ ᠡᠯ᠎ᠠ ᠳᠦᠷᠤᠯ ᠤᠨ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠤᠨ ᠢᠶᠠᠷ ᠢᠶᠠᠨ | ᠰᠠᠶᠢᠳᠤᠷ ᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠬᠯᠠᠯᠳᠠ ᠶᠢᠨ ᠳᠠᠶᠢᠯᠠᠯᠳᠤᠭᠠᠨ ᠤ | ᠢᠯᠠᠯᠳᠠ ᠶᠢ ᠡᠷᠡᠰ ᠤᠯᠬᠤ ᠳᠤ ᠬᠦᠴᠤ ᠨᠡᠮᠡᠷᠢᠯᠡᠭᠰᠡᠨ ᠪᠠᠶᠢᠨ᠎ᠠ᠃ | ᠨᠢᠭᠡ ᠳᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠦᠵᠡᠯᠳᠡ ᠳᠠᠨᠢᠯᠳᠠ ᠪᠠᠨ | ᠴᠢᠨᠠᠬᠰᠢᠳᠠ ᠳᠡᠭᠡᠭᠰᠢᠯᠡᠬᠦᠯᠪᠡ᠃ ᠤᠯᠤᠰ ᠳᠦᠷᠦ ᠶᠢᠨ ᠵᠤᠬᠰᠤᠴᠠ ᠪᠠᠨ ᠪᠠᠳᠤᠳᠬᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠦᠨᠳᠤ ᠨᠤᠴᠢᠳᠠᠢ ᠪᠠᠶᠢᠳᠠᠯ ᠢ ᠰᠡᠷᠭᠡᠭ ᠢᠶᠠᠷ ᠳᠠᠨᠢᠵᠤ᠂ ᠨᠠᠮ ᠤᠨ ᠳᠤᠭᠤᠢᠢᠯᠠᠩ ᠤᠨ ᠱᠦᠵᠢ᠂ | ᠪᠠᠶᠢᠴᠠᠭᠠᠬᠴᠢ ᠳᠠᠷᠤᠭ᠎ᠠ ᠪᠠᠷ ᠳᠤᠭᠤᠢᠢᠯᠠᠩ ᠤᠨ ᠳᠠᠷᠤᠭ᠎ᠠ ᠪᠤᠯᠭᠠᠬᠰᠠᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠤᠳᠤᠷᠢᠳᠬᠤ ᠳᠤᠭᠤᠢᠢᠯᠠᠩ ᠢ ᠪᠠᠶᠢᠭᠤᠯᠵᠠᠢ᠃ ᠡᠬᠦᠨ ᠤ ᠬᠠᠮᠳᠤ ᠰᠤᠷᠤᠯᠴᠠᠯᠭ᠎ᠠ ᠶᠢ | ᠴᠢᠩᠭᠠᠳᠬᠠᠨ᠂ ᠶᠡᠷᠦᠩᠭᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠳᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ᠂ ᠡᠯ᠎ᠠ ᠱᠠᠳᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠬᠤᠷᠠᠯ ᠤᠨ ᠴᠢᠬᠤᠯᠠ ᠪᠠᠶᠢᠷᠢᠯᠠᠭᠤᠯᠤᠯᠳᠠ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠰᠠᠨ | ᠪᠠᠶᠢᠨ᠎ᠠ᠃ | ᠬᠤᠶᠠᠷ ᠲᠤ᠂ ᠨᠤᠳᠤᠭ ᠤᠷᠤᠨ ᠢᠶᠠᠨ ᠰᠠᠬᠢᠬᠤ ᠳᠤ ᠬᠠᠷᠢᠭᠤᠴᠠᠯᠭ᠎ᠠ ᠲᠠᠢ ᠪᠠᠶᠢᠬᠤ ᠶᠢ ᠴᠢᠩᠭᠠᠳᠬᠠᠵᠤ᠂ | ᠳᠤᠰ ᠪᠡᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠪᠡ᠃ ᠬᠢᠵᠢᠭ ᠢ ᠰᠡᠷᠭᠡᠶᠢᠯᠡᠬᠦ | ᠮᠡᠳᠡᠯᠭᠡ ᠶᠢᠨ ᠤᠬᠠᠭᠤᠯᠭ᠎ᠠ ᠬᠦᠮᠤᠵᠢᠯ ᠢ ᠴᠢᠩᠭᠠᠳᠬᠠᠵᠤ᠂ ᠵᠢᠷᠬᠢᠶ᠎ᠠ ᠳᠠᠪᠴᠠᠩ᠂ ᠭᠠᠷ ᠤᠳᠠᠰᠤᠨ ᠤ ᠴᠠᠬᠢᠮ ᠴᠢᠮᠡᠭᠡ | ᠵᠡᠷᠭᠡ ᠤᠯᠠᠨ ᠠᠷᠭ᠎ᠠ ᠭᠡᠯᠪᠡᠷᠢ ᠪᠠᠷ ᠳᠡᠭᠡᠳᠤ ᠱᠠᠳᠤᠨ ᠤ ᠬᠢᠵᠢᠭ ᠤᠨ ᠪᠠᠶᠢᠳᠠᠯ ᠤᠨ ᠳᠤᠬᠠᠢ ᠪᠠᠶᠢᠷᠢᠯᠠᠭᠤᠯᠤᠯᠳᠠ | ᠳᠤᠬᠢᠷᠠᠭᠤᠯᠤᠯᠳᠠ ᠶᠢ ᠤᠯᠠᠮᠵᠢᠯᠠᠵᠤ᠂ ᠡᠷᠭᠡ ᠰᠦᠷᠳᠤ ᠮᠡᠳᠡᠭᠡᠯᠡᠯ ᠤᠨ ᠬᠢᠵᠢᠭ ᠤᠨ ᠪᠠᠶᠢᠳᠠᠯ ᠤᠨ ᠴᠢᠮᠡᠭᠡ ᠵᠠᠩᠬᠢ ᠪᠠ | ᠰᠡᠷᠭᠡᠶᠢᠯᠡᠨ ᠡᠵᠡᠮᠳᠡᠬᠦ ᠮᠡᠳᠡᠯᠭᠡ ᠶᠢ ᠴᠠᠭ ᠳᠠᠷᠤᠢ ᠳᠤᠨᠢ ᠨᠡᠶᠢᠳᠡᠯᠡᠨ᠂ ᠪᠦᠬᠦ ᠬᠤᠷᠢᠶᠠᠨ ᠤ ᠺᠠᠳ᠋ᠷ ᠴᠠᠬᠳᠠᠭ᠎ᠠ ᠨᠠᠷ ᠢ | ᠬᠦᠮᠤᠵᠢᠬᠦᠯᠤᠨ ᠵᠢᠯᠤᠭᠤᠳᠴᠤ ᠪᠠᠶᠢᠭᠠᠳ ᠦᠪᠡᠷ ᠢ ᠪᠠᠨ ᠰᠡᠷᠭᠡᠶᠢᠯᠡᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠨᠢ | ᠳᠡᠭᠡᠭᠰᠢᠯᠡᠬᠦᠯᠵᠤ᠂ ᠬᠢᠵᠢᠭ ᠤᠨ ᠪᠠᠶᠢᠳᠠᠯ ᠢ ᠵᠦᠪ ᠳᠠᠨᠢᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠤ᠂ | ᠴᠤᠤᠷᠬᠠᠯ ᠶᠠᠷᠢᠶ᠎ᠠ ᠶᠢ ᠡᠷᠡᠰ ᠳᠡᠪᠴᠢᠪᠡ᠃ ᠡᠳᠤᠷ ᠤᠨ ᠮᠡᠳᠡᠬᠦᠯᠦᠯᠳᠡ ᠶᠢᠨ ᠳᠦᠷᠢᠮ ᠢ ᠭᠡᠷᠡᠭᠵᠢᠬᠦᠯᠵᠤ᠂ 24 | ᠴᠠᠭ ᠢᠶᠠᠷ ᠵᠢᠵᠢᠬᠦᠷᠯᠡᠨ᠂ ᠪᠦᠬᠦ ᠺᠠᠳ᠋ᠷ ᠴᠠᠬᠳᠠᠭ᠎ᠠ ᠪᠠᠨ 24 ᠴᠠᠭ ᠢᠶᠠᠷ ᠭᠠᠷ ᠤᠳᠠᠰᠤ ᠪᠠᠨ ᠨᠡᠭᠡᠭᠡᠯᠳᠡ ᠲᠠᠢ | ᠪᠠᠶᠢᠯᠭᠠᠬᠤ ᠶᠢ ᠱᠠᠭᠠᠷᠳᠠᠵᠠᠢ᠃ | ᠭᠤᠷᠪᠠ ᠳᠤ᠂ ᠨᠠᠮ ᠤᠨ ᠭᠡᠰᠢᠬᠦᠨ ᠳᠤᠯᠤᠭᠠᠢᠢᠯᠠᠨ ᠳᠠᠶᠢᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠳᠤ ᠢᠳᠡᠪᠬᠢᠯᠡᠨ ᠤᠷᠤᠯᠴᠠᠵᠠᠢ᠃ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ | ᠳᠠᠭᠠᠭᠠᠴᠢᠯᠠᠵᠤ ᠪᠠᠶᠢᠭ᠎ᠠ ᠭᠠᠴᠠᠭ᠎ᠠ ᠳᠤᠰᠬᠤᠨ ᠨᠡᠶᠢᠭᠡᠮ ᠳᠤᠭᠤᠷᠢᠭ ᠲᠤ ᠬᠦᠨᠵᠡᠭᠡᠶᠢᠷᠡᠨ ᠡᠷᠤᠭᠡ ᠳᠠᠷᠠᠭᠠᠯᠠᠨ | ᠠᠰᠠᠭᠤᠨ ᠰᠤᠷᠪᠤᠯᠵᠢᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠬᠠᠭᠤᠯᠤᠬᠰᠠᠨ ᠪᠠᠶᠢᠨ᠎ᠠ᠃ | ᠤᠳᠤᠬᠠᠨ ᠪᠤᠯᠳᠠᠯ᠎ᠠ᠂ ᠳᠠᠭᠠᠭᠠᠴᠢᠯᠠᠵᠤ ᠪᠠᠶᠢᠭ᠎ᠠ ᠭᠠᠴᠠᠭ᠎ᠠ ᠳᠤᠰᠬᠤᠨ ᠳᠤ 5 ᠤᠳᠠᠭ᠎ᠠ ᠬᠦᠷᠴᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠬᠠᠭᠤᠯᠤᠨ ᠳᠠᠶᠢᠯᠪᠤᠷᠢᠯᠠᠵᠤ ᠰᠠᠨᠠᠭᠤᠯᠵᠠᠢ᠃ 31 ᠨᠠᠮ ᠤᠨ ᠭᠡᠰᠢᠬᠦᠨ | ᠰᠠᠶᠢᠨ ᠳᠤᠷ᠎ᠠ ᠠᠴᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠰᠢᠭᠤᠴᠢ ᠠᠩᠬᠢ ᠳᠤ ᠤᠷᠤᠯᠴᠠᠨ 8 | ᠳᠤᠭᠤᠢᠢᠯᠠᠩ ᠪᠠᠶᠢᠭᠤᠯᠵᠤ ᠰᠡᠷᠭᠡᠶᠢᠯᠡᠨ ᠡᠵᠡᠮᠳᠡᠬᠦ ᠠᠵᠢᠯ ᠳᠤ ᠤᠷᠤᠯᠴᠠᠵᠤ᠂ 182 ᠡᠷᠤᠭᠡ ᠶᠢ ᠪᠠᠶᠢᠴᠠᠭᠠᠨ᠂ | ᠭᠠᠳᠠᠬᠰᠢ ᠭᠠᠷᠤᠬᠰᠠᠨ 25 ᠬᠦᠮᠤᠨ ᠢ ᠪᠠᠶᠢᠴᠠᠭᠠᠨ ᠭᠠᠷᠭᠠᠵᠤ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠭᠰᠡᠨ | ᠪᠠᠶᠢᠨ᠎ᠠ᠃ ᠵᠡᠭᠡᠯᠢ ᠭᠤᠳᠤᠮᠵᠢ ᠳᠤ 12 ᠪᠠᠶᠢᠴᠠᠭᠠᠬᠤ ᠴᠡᠭ ᠭᠠᠷᠭᠠᠨ᠂ ᠤᠷᠤᠵᠤ ᠭᠠᠷᠤᠬᠰᠠᠨ 4500 ᠭᠠᠷᠤᠢ | ᠬᠦᠮᠤᠨ ᠢ ᠳᠠᠩᠰᠠᠯᠠᠨ᠂ 5000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠳᠠᠷᠬᠠᠭᠠᠵᠠᠢ᠃ |