ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠢᠯ ᠢᠶᠠᠨ ᠰᠡᠷᠬᠦᠬᠡᠵᠤ ᠦᠶᠯᠡᠳᠪᠦᠷᠢᠯᠡᠯ ᠢᠶᠠᠨ ᠰᠡᠷᠭᠦᠭᠡᠬᠦ ᠪᠠ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-03-06
     ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠭᠥᠭᠵᠢᠯᠳᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠶᠢᠨ ᠲᠥᠯᠥᠭᠡ 3 ᠰᠠᠷ᠎ᠠ ᠶᠢᠨ 3 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠲᠤ ᠬᠦᠷᠴᠤ ᠣᠳᠣᠬᠠᠨ ᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ 2020 ᠣᠨ ᠤ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠭᠠᠷᠳᠠᠮ ᠬᠦᠢᠴᠡᠳᠬᠡᠯ᠂ ᠰᠢᠨ᠎ᠠ ᠪᠠᠷ ᠪᠠᠶᠢᠭᠤᠯᠬᠤ ᠲᠦᠷᠦᠯ ᠵᠦᠢᠯ ᠤᠨ ᠲᠥᠯᠥᠪᠯᠡᠭᠡ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
     ᠵᠤᠤ ᠹᠸᠢ ᠯᠦ ᠨᠡᠷ ᠡᠯ᠎ᠡ ᠲᠦᠷᠦᠯ ᠵᠦᠢᠯ ᠤᠨ ᠲᠣᠭᠤᠷᠢᠭ ᠲᠤ ᠬᠦᠷᠴᠤ ᠰᠾᠢ ᠬᠠᠢ ᠬᠡᠢ ᠪᠡᠶᠡᠲᠦ ᠶᠢᠨ ᠬᠢᠵᠠᠭᠠᠷᠲᠤ ᠺᠤᠮᠫᠠᠨᠢ ᠶᠢᠨ 15 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ᠂ ᠬᠤᠸᠠ ᠢᠤᠢ ᠬᠢᠮᠢ  ᠶᠢᠨ ᠦᠢᠯᠡᠳᠪᠦᠷᠢ ᠶᠢᠨ ᠺᠤᠮᠫᠠᠨᠢ ᠶᠢᠨ 20 ᠲᠦᠮᠡᠨ ᠲᠣᠨ ᠤ ᠢᠳᠡᠭᠡᠨ ᠤ ᠳᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ᠂ ᠲᠤᠭ ᠤᠨ ᠠᠵᠤ ᠦᠢᠯᠡᠳᠪᠦᠷᠢ ᠶᠢᠨ ᠲᠦᠷᠦᠯ ᠵᠥᠢᠯ ᠤᠨ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠪᠤᠯᠠᠬᠤ ᠲᠠᠯᠠᠪᠠᠢ ᠵᠡᠷᠭᠡ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠵᠢᠶᠧ ᠯᠢᠨ ᠰᠦᠯᠢᠶᠣᠣ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ᠂ ᠪᠠᠶᠠᠨᠭᠤᠣᠯ ᠨᠡᠭᠦᠷᠡᠰᠦᠨ ᠠᠭᠤᠷᠬᠠᠢ᠂ ᠵᠦᠩ ᠮᠸᠢ ᠪᠦᠯᠦᠭᠯᠡᠯ ᠤᠨ ᠤᠷᠳᠤᠰ ᠡᠨᠧᠷᠬᠢ ᠭᠢᠮᠢ ᠶᠢᠨ ᠠᠵᠤ ᠦᠢᠯᠡᠳᠪᠦᠷᠢ᠂ ᠶᠡᠭᠡ ᠨᠠᠭᠦᠳᠠᠯ ᠤᠨ ᠾᠧᠩ ᠶᠧ ᠨᠡᠭᠦᠷᠡᠰᠦᠨ ᠪᠠᠷᠠᠭᠠᠨ ᠤ ᠭᠦᠢᠯᠭᠡᠭᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠵᠡᠷᠭᠡ 22 ᠠᠵᠤ ᠠᠬᠤᠶᠢᠯᠠᠯ ᠲᠠᠢ ᠰᠠᠭᠤᠳᠠᠯ ᠤᠨ ᠬᠤᠷᠠᠯ ᠬᠤᠷᠠᠯᠳᠤᠭᠤᠯᠪᠠ᠃
     ᠡᠯ᠎ᠡ ᠠᠵᠤ ᠠᠬᠤᠶᠢᠯᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠵᠣᠣ ᠹᠸᠢ ᠯᠦ ᠵᠢᠭᠠᠵᠤ ᠭᠠᠷᠭᠠᠭᠰᠠᠨ ᠨᠢ᠂ ᠵᠢᠯ ᠤᠨ ᠡᠬᠢᠨ ᠠᠴᠠ ᠨᠠᠰᠢ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠪᠠ ᠠᠵᠤ ᠠᠬᠤᠶᠢᠯᠠᠯ  ᠤᠨ ᠠᠵᠢᠯᠳᠠᠨ ᠠᠵᠢᠯᠴᠢᠨ ᠬᠢᠵᠢᠭ ᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠡᠰᠡᠷᠭᠦᠴᠡᠵᠦ ᠡᠪᠡᠳᠴᠢᠨ ᠤ ᠵᠢᠱᠢᠶ᠎ᠡ ᠥᠭᠡᠢ ᠰᠠᠶᠢᠨ ᠦᠷ᠎ᠡ ᠪᠦᠲᠦᠭᠡᠯ ᠣᠯᠵᠤ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠵᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠭᠰᠠᠨ ᠪᠠᠶᠢᠨ᠎ᠠ ᠭᠡᠵᠡᠢ᠃ ᠵᠣᠣ ᠹᠸᠢ ᠯᠦ ᠴᠢᠬᠤᠯᠠᠴᠢᠯᠠᠭᠰᠠᠨ ᠨᠢ᠂ ᠲᠠᠷᠠᠭᠠᠴᠢ ᠶᠢᠨ ᠨᠢᠭᠡ ᠬᠤᠭᠤᠴᠠᠭᠠᠨ ᠳᠤ ᠡᠯ᠎ᠡ ᠲᠣᠮᠣ ᠠᠵᠤ ᠠᠬᠤᠶᠢᠯᠠᠯ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ  ᠤᠨ ᠬᠥᠭᠵᠢᠯᠲᠡ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠠᠵᠢᠯ ᠢ ᠰᠠᠶᠢᠲᠤᠷ ᠬᠢᠭᠰᠡᠨ ᠤᠷᠢᠲᠠᠯ ᠲᠤᠤᠷ᠎ᠠ ᠠᠵᠢᠯ  ᠤᠨ ᠪᠠᠶᠢᠷᠢ ᠳᠠᠭᠠᠨ ᠪᠤᠴᠠᠭᠰᠠᠨ ᠬᠥᠮᠦᠰ ᠢ ᠵᠣᠬᠢᠶᠠᠨ ᠪᠠᠶᠢᠭᠤᠯᠬᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠪᠠ ᠲᠥᠷᠥᠯ ᠵᠦᠶᠯ ᠤᠨ ᠭᠠᠷᠳᠠᠮ ᠢ ᠭᠦᠶᠴᠡᠳᠬᠡᠬᠦ ᠵᠡᠷᠭᠡ ᠠᠵᠢᠯ ᠢ ᠰᠠᠶᠢᠲᠤᠷ ᠠᠳᠬᠤᠵᠤ ᠠᠶᠤᠯ ᠥᠬᠡᠶ ᠦᠶᠯᠡᠳᠪᠦᠷᠢᠯᠡᠯ ᠤᠨ ᠪᠤᠯᠪᠠᠰᠤᠷᠠᠯ ᠬᠥᠮᠦᠵᠢᠯ ᠪᠠ ᠳᠠᠯᠳᠠ ᠬᠡᠮ ᠢ ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ ᠲᠥᠷᠥᠯ ᠵᠦᠶᠯ ᠤᠨ ᠠᠵᠢᠯ ᠢᠶᠠᠨ ᠡᠬᠢᠯᠡᠭᠦᠯᠬᠦ ᠪᠠ ᠰᠡᠷᠭᠦᠭᠡᠬᠦ ᠶᠢ ᠠᠬᠢᠭᠤᠯᠬᠤ ᠬᠡᠷᠡᠭᠲᠡᠶ ᠭᠡᠵᠡᠶ᠃ ᠵᠣᠣ ᠹᠸᠢ ᠯᠦ ᠠᠵᠤ ᠠᠬᠤᠶᠢᠯᠠᠯᠲᠠᠳ ᠤᠨ ᠥᠪᠡᠷ ᠤᠨ ᠲᠠᠪᠠᠭᠤᠯᠢᠭ ᠢᠶᠠᠨ ᠪᠠᠳᠠᠷᠠᠭᠤᠯᠤᠨ ᠲᠥᠭᠦᠷᠴᠢᠯᠡᠭᠰᠠᠨ ᠠᠵᠤ ᠠᠬᠤᠶᠢᠯᠠᠯ ᠢ ᠢᠳᠡᠪᠬᠢᠲᠡᠶ ᠪᠠᠷ ᠲᠠᠨᠢᠯᠴᠠᠭᠤᠯᠵᠤ ᠮᠠᠨ ᠤ ᠬᠤᠰᠢᠭᠤᠨ ᠳᠤ ᠢᠷᠡᠵᠦ ᠪᠠᠯᠠ ᠣᠷᠣᠭᠤᠯᠤᠨ ᠦᠶᠯᠡᠰ ᠪᠦᠲᠦᠭᠡᠬᠦ ᠶᠢ ᠵᠣᠷᠢᠭᠵᠢᠭᠤᠯᠪᠠ᠃
     ᠵᠣᠣ ᠹᠸᠢ ᠯᠦ ᠱᠠᠭᠠᠷᠳᠠᠭᠰᠠᠨ ᠨᠢ᠂ ᠡᠯ᠎ᠡ ᠠᠵᠤ ᠠᠬᠤᠶ ᠶᠢᠨ ᠨᠡᠭᠡᠭᠡᠯᠲᠡ ᠶᠢᠨ ᠣᠷᠣᠨ ᠪᠠ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠰᠡᠳᠬᠢᠬᠦᠢ ᠪᠠᠨ ᠬᠤᠪᠢᠷᠠᠭᠤᠯᠵᠤ ᠳᠠᠭᠠᠭᠤᠯᠤᠨ ᠡᠷᠭᠢᠯᠡᠬᠦ ᠂ ᠬᠠᠪᠰᠤᠷᠤᠨ ᠭᠦᠶᠴᠡᠳᠬᠡᠬᠦ᠂ ᠣᠷᠣᠯᠠᠨ ᠭᠦᠶᠴᠡᠳᠬᠡᠬᠦ ᠪᠠᠷ ᠳᠠᠮᠵᠢᠭᠤᠯᠤᠨ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠤᠬᠠᠭᠤᠯᠵᠤ ᠲᠥᠷᠥᠯ ᠵᠦᠶᠯ ᠢ ᠬᠢᠨᠠᠨ ᠵᠥᠪᠰᠢᠶᠡᠷᠡᠬᠦ᠂ ᠭᠠᠵᠠᠷ ᠰᠢᠷᠣᠶ ᠶᠢ ᠲᠠᠳᠠᠪᠤᠷᠢᠯᠠᠬᠤ᠂ ᠭᠦᠶᠴᠡᠳᠬᠡᠯ ᠲᠤᠭ᠎ᠠ ᠶᠢ ᠲᠡᠮᠡᠴᠡᠨ ᠤᠯᠬᠤ᠂ ᠲᠦᠭᠦᠬᠡᠶ ᠮᠠᠲ᠋ᠧᠷᠢᠶᠠᠯ ᠤᠨ ᠲᠡᠭᠡᠭᠡᠪᠦᠷᠢ ᠪᠠ ᠪᠠᠯᠠ ᠲᠣᠬᠢᠷᠠᠭᠤᠯᠬᠤ ᠳᠤ ᠬᠦᠴᠢᠷᠲᠡᠶ ᠵᠡᠷᠭᠡ ᠠᠰᠠᠭᠤᠳᠠᠯ ᠢ ᠰᠢᠶᠳᠪᠦᠷᠢᠯᠡᠵᠦ ᠠᠵᠤ ᠠᠬᠤᠶᠢᠯᠠᠯ ᠳᠤ ᠦᠶᠯᠡᠴᠢᠯᠡᠭᠡ ᠬᠠᠩᠭᠠᠨ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ ᠭᠡᠵᠡᠢ᠃
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠥᠩ ᠯᠢᠨ᠂ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠤᠷᠤᠨ ᠪᠠ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠳᠠ ᠳᠤ ᠣᠷᠣᠯᠴᠠᠵᠠᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号