3 ᠰᠠᠷ᠎ᠠ ᠶᠢᠨ 5 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠢ᠊ ᠪᠢᠰᠢᠷᠠᠯᠳᠤ ᠨᠡᠷ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠶᠯ ᠢ ᠠᠷᠠᠳ ᠤᠨ ᠲᠥᠯᠥᠭᠡᠯᠡᠭᠴᠢ ᠪᠢᠯᠧᠲ ᠦᠭᠴᠤ ᠲᠤᠬᠳᠠᠭᠠᠬᠤ ᠳᠦᠷᠢᠮ | ᠤᠨ ᠠᠵᠢᠯ ᠢ ᠥᠷᠨᠢᠭᠦᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠭᠢᠵᠤ ᠠᠷᠠᠳ ᠤᠨ ᠲᠥᠯᠥᠭᠡᠯᠡᠭᠴᠢ | ᠶᠢᠨ ᠪᠢᠯᠧᠲ ᠦᠭᠴᠤ ᠲᠣᠭᠲᠠᠭᠠᠬᠤ ᠲᠦᠷᠢᠮ ᠤᠨ ᠠᠵᠢᠯ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠴᠢᠨᠠᠷ | ᠰᠠᠶᠢᠲᠠᠶ ᠠᠬᠢᠭᠤᠯᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠤᠯ ᠵᠦᠶᠯ ᠤᠨ ᠢᠯᠡᠳᠲᠡ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | | | | | | | ᠴᠢ᠊ ᠪᠢᠰᠢᠷᠠᠯᠳᠤ ᠨᠡᠷ ᠤᠷᠢᠳ ᠬᠤᠵᠢᠳ ᠮᠠᠨ ᠤ ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ | ᠬᠤᠷᠢᠶᠠᠨ ᠤ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠤᠯᠠᠭᠠᠠᠳᠤᠯᠤᠭᠠᠢ ᠪᠠᠯᠭᠠᠰᠤᠨ ᠤ ᠨᠠᠷᠢᠨ ᠨᠣᠣᠰᠣᠲᠤ | ᠬᠤᠨᠢ ᠲᠡᠵᠢᠭᠡᠨ ᠦᠷᠡᠵᠢᠭᠦᠯᠬᠦ ᠲᠥᠷᠥᠯ ᠵᠥᠢᠯ᠂ ᠣᠷᠳᠣᠰ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ | ᠳᠤᠮᠳᠠᠳᠤ ᠰᠤᠷᠭᠠᠭᠤᠯᠢ ᠶᠢ ᠰᠢᠯᠵᠢᠭᠦᠯᠦᠨ ᠪᠠᠶᠢᠭᠤᠯᠬᠤ ᠲᠥᠷᠥᠯ ᠵᠦᠢᠯ᠂ ᠰᠢᠷᠬᠤᠰᠤ ᠨᠡᠶᠢᠭᠡᠮ ᠲᠣᠭᠤᠷᠢᠭ ᠢ | ᠰᠢᠯᠵᠢᠬᠦᠯᠬᠦ ᠲᠥᠷᠥᠯ ᠵᠦᠢᠯ ᠳᠤ ᠪᠠᠶᠢᠴᠠᠭᠠᠨ ᠰᠤᠳᠤᠯᠤᠯᠳᠠ ᠭᠢᠭᠦ ᠶᠢᠨ ᠬᠠᠮᠲᠤ ᠰᠠᠭᠤᠳᠠᠯ ᠤᠨ ᠬᠤᠷᠠᠯ | ᠬᠤᠷᠠᠯᠳᠤᠭᠤᠯᠵᠤ ᠮᠠᠨ ᠤ ᠬᠤᠰᠢᠭᠤᠨ ᠤ 2020 ᠣᠨ ᠤ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠥᠯᠳᠠ | ᠪᠠ ᠬᠤᠰᠢᠭᠤ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠶᠯ ᠢ ᠠᠷᠠᠳ ᠤᠨ ᠲᠥᠯᠥᠭᠡᠯᠡᠭᠴᠢ ᠪᠢᠯᠧᠲ ᠦᠭᠴᠤ ᠲᠤᠬᠳᠠᠭᠠᠬᠤ ᠳᠦᠷᠢᠮ ᠤᠨ ᠠᠵᠢᠯ ᠢ ᠥᠷᠨᠢᠭᠦᠯᠦᠭᠰᠡᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | | | | | | | ᠴᠢ᠊ ᠪᠢᠰᠢᠷᠠᠯᠳᠤ ᠵᠢᠭᠠᠵᠤ ᠭᠠᠷᠭᠠᠭᠰᠠᠨ ᠨᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ | ᠵᠦᠢᠯ ᠢ ᠠᠷᠠᠳ ᠤᠨ ᠲᠥᠯᠥᠭᠡᠯᠡᠭᠴᠢ ᠪᠢᠯᠧᠲ ᠥᠭᠴᠤ ᠲᠤᠭᠳᠠᠭᠠᠬᠤ ᠲᠦᠷᠢᠮ ᠪᠣᠯ ᠦᠨᠳᠦᠰᠦᠨ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠶᠢ ᠡᠭᠦᠳᠬᠦ ᠦᠢᠯᠡᠳᠦᠯᠭᠡ ᠪᠠᠶᠢᠵᠤ | ᠠᠷᠠᠳ ᠲᠦᠮᠡᠨ ᠢᠶᠠᠷ ᠭᠤᠣᠯ ᠪᠤᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠢᠯᠡᠷᠡᠭᠦᠯᠵᠡᠢ᠃ ᠦᠦᠰᠢᠨ | ᠬᠤᠰᠢᠭᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠠᠷᠠᠳ ᠤᠨ ᠲᠥᠯᠥᠭᠡᠯᠡᠭᠴᠢ | ᠪᠢᠯᠧᠲ ᠦᠭᠴᠤ ᠲᠤᠬᠳᠠᠭᠠᠬᠤ ᠳᠦᠷᠢᠮ ᠤᠨ ᠠᠵᠢᠯ ᠳᠤᠮᠳᠠ ᠰᠡᠳᠬᠢᠮᠵᠢ ᠪᠠᠨ ᠲᠣᠳᠣᠷᠬᠠᠶᠢᠯᠠᠨ ᠭᠤᠤᠯᠳᠠᠯᠭ᠎ᠠ ᠶᠢ | ᠠᠳᠬᠤᠵᠤ ᠬᠦᠴᠢᠷ ᠠᠰᠠᠭᠤᠳᠠᠯ ᠢ ᠰᠢᠶᠳᠪᠦᠷᠢᠯᠡᠵᠦ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠢ | ᠠᠬᠢᠭᠤᠯᠤᠭᠰᠠᠨ ᠪᠠᠶᠢᠨ᠎ᠠ ᠭᠡᠵᠡᠢ᠃ | | | | | | | ᠴᠢ᠊ ᠪᠢᠰᠢᠷᠠᠯᠳᠤ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠠᠭᠦᠯᠤᠨ ᠠᠵᠢᠯ ᠤᠨ | ᠠᠷᠭ᠎ᠠ ᠭᠡᠯᠪᠠᠷᠢ ᠪᠠᠨ ᠬᠤᠪᠢᠷᠠᠭᠤᠯᠤᠨ ᠠᠷᠠᠳ ᠲᠦᠮᠡᠨ ᠤ ᠬᠦᠰᠡᠯ ᠰᠠᠨᠠᠭ᠎ᠠ ᠶᠢ ᠭᠦᠢᠴᠡᠳ ᠢᠯᠡᠷᠡᠭᠦᠯᠵᠦ ᠠᠷᠠᠳ | ᠤᠨ ᠠᠮᠢᠳᠤᠷᠠᠯ ᠤᠨ ᠲᠦᠷᠦᠯ ᠵᠦᠢᠯ ᠢ ᠤᠯᠠᠨ ᠲᠦᠮᠡᠨ ᠲᠠᠢ ᠨᠡᠩ ᠣᠶᠢᠷᠠᠲᠤᠭᠤᠯᠵᠤ ᠲᠦᠷᠦᠯ ᠵᠦᠢᠯ ᠤᠨ | ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠠᠷᠠᠳᠴᠢᠯᠠᠬᠤ᠂ ᠰᠢᠨᠵᠢᠯᠡᠬᠦ ᠤᠬᠠᠭᠠᠨᠴᠢᠯᠠᠬᠤ᠂ ᠬᠠᠤᠯᠢᠵᠢᠭᠤᠯᠬᠤ ᠶᠢ | ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠴᠢᠬᠤᠯᠠᠴᠢᠯᠠᠨ ᠦᠵᠡᠵᠦ ᠵᠠᠰᠠᠭ ᠤᠨ ᠣᠷᠳᠣᠨ | ᠨᠠᠶᠢᠳᠠᠪᠤᠷᠢᠵᠢᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠳᠬᠦᠯ ᠴᠢᠷᠮᠠᠶᠢᠯᠭ᠎ᠠ ᠭᠠᠷᠭᠠᠵᠤ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠪᠢᠯᠧᠲ ᠥᠭᠬᠦ ᠳᠤ ᠣᠷᠣᠯᠴᠠᠬᠤ | ᠢᠳᠡᠪᠬᠢᠵᠢᠯ ᠢ ᠭᠦᠶᠴᠡᠳ ᠲᠠᠶᠢᠴᠢᠯᠠᠨ ᠲᠥᠯᠥᠭᠡᠯᠡᠭᠴᠢᠳ ᠪᠢᠯᠧᠲ ᠥᠭᠴᠤ ᠲᠤᠭᠳᠠᠭᠠᠬᠤ ᠲᠦᠷᠢᠮ ᠤᠨ ᠠᠵᠢᠯ ᠢ | ᠥᠨᠳᠥᠷ ᠪᠠᠷᠢᠮᠵᠢᠶ᠎ᠠ ᠪᠠᠷ ᠲᠥᠯᠥᠪᠯᠠᠨ ᠴᠢᠨᠠᠷ ᠰᠠᠶᠢᠲᠠᠶ ᠠᠬᠢᠭᠤᠯᠵᠤ ᠲᠥᠷᠥᠯ ᠵᠥᠢᠯ ᠤᠨ ᠢᠯᠡᠳᠲᠡ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠵᠠᠰᠠᠭ ᠤᠨ ᠣᠷᠳᠣᠨ ᠡᠳ᠋ ᠤᠨ ᠵᠠᠰᠠᠭ ᠤᠨ ᠣᠷᠣᠭᠤᠯᠤᠯᠲᠠ ᠪᠠᠷ | ᠭᠤᠤᠯ ᠪᠤᠯᠭᠠᠨ ᠬᠠᠷᠠᠭᠠᠯᠵᠠᠯ ᠤᠨ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠦᠶᠯᠡᠴᠢᠯᠡᠭᠡᠨ ᠤ | ᠴᠢᠨᠠᠷᠲᠠᠶ ᠲᠥᠷᠥᠯ ᠵᠦᠶᠯ ᠢ ᠰᠣᠩᠭᠤᠨ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠶᠳᠪᠦᠷᠢᠯᠡᠬᠦ ᠪᠤᠳᠠᠳᠠᠢ ᠠᠴᠠ | ᠡᠭᠦᠰᠴᠦ ᠲᠥᠷᠥᠯ ᠵᠥᠢᠯ ᠤᠨ ᠬᠠᠷᠠᠯᠲᠠ ᠶᠢᠨ ᠴᠢᠨᠠᠷ᠂ ᠪᠣᠯᠤᠮᠵᠢᠲᠤ ᠴᠢᠨᠠᠷ ᠢ ᠲᠤᠳᠤᠷᠬᠠᠶᠢᠯᠠᠬᠤ ᠬᠡᠷᠡᠭᠲᠡᠶ᠃ ᠠᠵᠢᠯ | ᠤᠨ ᠲᠠᠰ ᠳᠠᠷᠠᠭᠠᠯᠠᠯ ᠢ ᠵᠢᠷᠤᠮᠵᠢᠭᠤᠯᠤᠨ ᠠᠵᠢᠯ ᠤᠨ ᠠᠷᠭ᠎ᠠ ᠬᠡᠮᠵᠢᠶ᠎ᠡ ᠶᠢ ᠰᠢᠨᠡᠴᠢᠯᠡᠵᠦ ᠪᠡᠯᠡ ᠮᠥᠩᠭᠦᠨ ᠤ | ᠪᠠᠲᠤᠯᠠᠭ᠎ᠠ ᠶᠢ ᠨᠠᠶᠢᠳᠠᠪᠤᠷᠢᠵᠢᠭᠤᠯᠤᠨ ᠲᠦᠷᠦᠯ ᠵᠦᠢᠯ ᠢ ᠲᠦᠷᠭᠡᠨ ᠠᠬᠢᠭᠤᠯᠵᠤ ᠡᠮᠬᠢ ᠵᠢᠷᠤᠮ ᠲᠠᠢ ᠬᠡᠷᠡᠭᠵᠢᠬᠦᠯᠬᠦ | ᠬᠡᠷᠡᠭᠲᠡᠢ ᠭᠡᠵᠡᠢ᠃ | | | | | | | ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ ᠴᠢ᠊ ᠪᠢᠰᠢᠷᠠᠯᠳᠤ ᠨᠠᠷ ᠪᠠᠰᠠ ᠪᠠᠶᠠᠨᠰᠢᠯᠢ ᠴᠠᠭᠠᠨ ᠢᠳᠡᠭᠡᠨ | ᠤ ᠲᠤᠰᠬᠠᠢ ᠬᠤᠷᠰᠢᠶ᠎ᠠ᠂ ᠤᠯᠠᠭᠠᠠᠳᠤᠯᠤᠭᠠᠢ ᠪᠠᠯᠭᠠᠰᠤᠨ ᠤ ᠪᠢᠯᠢᠭ ᠤᠨ ᠰᠠᠩ ᠮᠣᠩᠭᠤᠯ ᠨᠣᠮ ᠪᠢᠴᠢᠭ ᠤᠨ | ᠮᠦᠽᠧᠶ ᠪᠠ ᠭᠠᠯᠠᠭᠤᠲᠤ ᠪᠠᠯᠭᠠᠰᠤᠨ ᠤ ᠰᠠᠷᠠᠭᠤᠯᠨᠤᠳᠤᠭ ᠭᠠᠴᠠᠭ᠎ᠠ ᠳᠤ ᠬᠦᠷᠴᠦ ᠦᠨᠳᠦᠰᠦᠲᠡᠨ ᠤ ᠤᠯᠠᠮᠵᠢᠯᠠᠯᠲᠤ | ᠴᠠᠭᠠᠨ ᠢᠳᠡᠭᠡ ᠡᠳ᠋ᠰᠢᠭᠦᠯᠦᠨ ᠪᠣᠷᠣᠯᠠᠭᠤᠯᠬᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ᠂ ᠣᠨᠴᠠᠯᠢᠭᠲᠤ | ᠰᠣᠶᠣᠯ ᠤᠨ ᠡᠷᠦᠬᠡ ᠶᠢ ᠪᠦᠲᠦᠭᠡᠨ ᠪᠠᠶᠢᠭᠤᠯᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠭᠢᠪᠠ᠃ ᠲᠡᠷᠡ | ᠴᠢᠬᠤᠯᠠᠴᠢᠯᠠᠭᠰᠠᠨ ᠨᠢ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠠᠮᠢᠳᠤᠯᠢᠭ ᠪᠣᠯᠭᠠᠵᠤ ᠢᠳᠡᠪᠬᠢᠲᠡᠶ | ᠪᠠᠷ ᠬᠠᠶᠢᠨ ᠰᠥᠪᠡᠭᠴᠢᠯᠠᠨ ᠲᠤᠷᠰᠢᠯᠭ᠎ᠠ ᠬᠤᠷᠠᠮᠳᠤᠭᠤᠯᠵᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠶ︔ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠢ | ᠪᠠᠷᠢᠮᠵᠢᠶᠠᠵᠢᠭᠤᠯᠬᠤ᠂ ᠡᠷᠴᠢᠮᠵᠢᠭᠦᠯᠬᠦ᠂ ᠲᠥᠷᠥᠯ ᠲᠡᠮᠳᠡᠭᠵᠢᠭᠦᠯᠭᠦ ᠶᠢ ᠪᠠᠷᠢᠮᠲᠠᠯᠠᠨ ᠣᠷᠣᠨ ᠪᠦᠰᠡ ᠶᠢᠨ | ᠣᠨᠴᠠᠯᠢᠭᠲᠤ ᠲᠥᠷᠥᠯ ᠲᠡᠮᠳᠡᠭ ᠢ ᠡᠭᠦᠳᠴᠤ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ ᠭᠡᠵᠡᠢ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠶᠠᠩ ᠮᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠰᠤᠩᠭᠤᠨ ᠲᠤᠮᠢᠯᠠᠵᠤ ᠪᠠᠭᠤᠯᠭᠠᠬᠤ ᠬᠠᠷᠢᠯᠴᠠᠬᠤ ᠵᠥᠪᠯᠡᠯ ᠤᠨ ᠬᠠᠷᠢᠭᠤᠴᠠᠯᠭᠠᠲᠠᠨ᠂ ᠬᠤᠰᠢᠭᠤ ᠨᠠᠮ | ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ | ᠵᠣᠣ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠪᠤᠶᠠᠨᠮᠠᠨᠳᠤᠬᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |