ᠲᠤᠭᠤᠯᠳᠠᠢ ᠭᠠᠴᠠᠭ᠎ᠠ᠄ ᠡᠯᠪᠡᠷᠢᠯ ᠬᠠᠶᠢᠷ᠎ᠠ ᠶᠢ ᠢᠪᠡᠭᠡᠵᠦ ᠡᠶᠡᠷᠭᠦ ᠡᠨᠧᠷᠬᠢ ᠶᠢ ᠤᠯᠠᠮᠵᠢᠯᠠᠨ᠎ᠠ
ᠨᠡᠶᠢᠲᠡᠯᠡᠭᠰᠡᠨ ᠴᠠᠭ᠄
2020-04-01
    ᠬᠢᠵᠢᠭ ᠢ ᠰᠡᠷᠭᠡᠶᠢᠯᠡᠨ ᠡᠵᠡᠮᠲᠡᠬᠦ ᠠᠵᠢᠯ ᠦᠷᠨᠢᠭᠰᠡᠨ ᠠᠴᠠ ᠨᠠᠭᠠᠰᠢ᠂ ᠮᠠᠰᠢ ᠤᠯᠠᠨ ᠬᠠᠯᠠᠭᠤᠨ ᠰᠡᠳᠭᠢᠯ ᠲᠠᠢ ᠬᠦᠮᠦᠰ ᠦᠪᠡᠷ ᠢᠶᠠᠨ ᠪᠤᠶᠤ ᠪᠤᠰᠤᠳ ᠲᠠᠢ ᠬᠠᠮᠳᠤᠷᠠᠯᠴᠠᠨ ᠡᠮᠦᠨ᠎ᠡ ᠹᠷᠤᠨᠲ ᠤᠨ ᠠᠵᠢᠯ ᠢ ᠲᠡᠮᠵᠢᠵᠦ᠂ ᠬᠢᠵᠢᠭ ᠢ ᠰᠡᠷᠬᠡᠶᠢᠯᠡᠨ ᠡᠵᠡᠮᠳᠡᠬᠦ ᠳᠤ ᠠᠳᠠᠯᠢ ᠪᠤᠰᠤ ᠬᠡᠯᠪᠡᠷᠢ ᠪᠠᠷ ᠬᠦᠴᠦ ᠪᠠᠨ ᠨᠡᠮᠡᠷᠢᠯᠡᠵᠡᠬᠡᠵᠦ ᠪᠠᠶᠢᠯ᠎ᠠ᠃ ᠤᠶᠢᠷ᠎ᠠ ᠳᠤ ᠦᠤᠰᠢᠨ ᠬᠤᠰᠢᠭᠤᠨ ᠤ ᠲᠤᠭ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠤᠭᠤᠯᠲᠠᠢ ᠭᠠᠴᠠᠭᠠᠨ ᠤ ︽ᠬᠤᠶᠠᠷ ᠵᠦᠪᠯᠡᠯ︾᠂ ᠭᠠᠴᠠᠭᠠᠨ ᠳᠤ ᠰᠠᠭᠤᠭ᠎ᠠ ᠠᠵᠢᠯᠯᠠᠬᠤ ᠲᠤᠭᠤᠶᠢᠯᠠᠩ ᠪᠤᠯᠤᠨ ᠲᠤᠰᠤᠯ ᠬᠤᠷ᠎ᠠ ᠪᠤᠶᠠᠨ ᠤ ᠦᠢᠯᠡᠰ ᠤᠨ ᠬᠤᠯᠪᠤᠭ᠎ᠠ ᠵᠡᠷᠭᠡ ᠬᠠᠮᠢᠶ᠎ᠠ ᠪᠦᠬᠦᠢ ᠲᠠᠯ᠎ᠠ ᠶᠢᠨ ᠬᠢᠨ ᠬᠠᠮᠳᠤᠷᠠᠵᠤ᠂ ᠦᠦᠰᠢᠨ ᠬᠤᠰᠢᠭᠤᠨ ᠤ ᠲᠤᠭ ᠪᠠᠯᠭᠠᠰᠤᠨ ᠤ ᠲᠤᠭᠤᠯᠲᠠᠢ ᠭᠠᠴᠠᠭ᠎ᠠ ᠳᠤ ︽ᠡᠯᠪᠡᠷᠢᠯ ᠬᠠᠶᠢᠷ᠎ᠠ ᠶᠢ ᠢᠪᠡᠭᠡᠵᠦ ᠡᠶᠡᠷᠭᠦ ᠡᠨᠧᠷᠬᠢ ᠶᠢ ᠤᠯᠠᠮᠵᠢᠯᠠᠬᠤ︾ ᠰᠡᠶᠢᠨ ᠲᠤᠷᠠᠴᠤᠤᠯ ᠤᠨ ᠠᠵᠢᠯᠯᠠᠭ᠎ᠠ ᠦᠷᠨᠢᠭᠦᠯᠦᠭᠰᠡᠨ ᠶᠤᠮ᠃ ᠡᠨᠡ ᠤᠳᠠᠭᠠᠨ ᠤ ᠠᠵᠢᠯᠯᠠᠭ᠎ᠠ ᠳᠤ ᠰᠡᠶᠢᠨ ᠲᠤᠷᠠᠴᠤᠤᠯ ᠤᠨ ᠪᠦᠯᠬᠦᠮ ᠤᠳᠤᠬᠠᠨ ᠤ ᠤᠨᠴᠠᠭᠠᠢ ᠰᠢᠯᠭᠠᠯᠲᠠ ᠪᠠ ᠴᠠᠭ ᠤᠯᠠᠷᠢᠯ ᠤᠨ ᠱᠠᠭᠠᠷᠲᠠᠯᠭ᠎ᠠ ᠳᠤ ᠵᠤᠬᠢᠴᠠᠭᠤᠯᠵᠤ᠂ ᠨᠠᠰᠤᠲᠠᠶᠢᠴᠤᠳ᠂ ᠤᠲᠠᠭᠠᠨ ᠴᠢᠨᠠᠷ ᠲᠠᠢ ᠠᠷᠬᠠᠭ ᠡᠪᠡᠳᠴᠢᠨ ᠳᠤ ᠨᠡᠷᠪᠡᠭᠳᠡᠭᠰᠡᠳ ᠪᠠ ᠶᠠᠳᠠᠭᠤ ᠬᠦᠴᠢᠷᠲᠡᠯᠲᠡᠢ ᠡᠷᠦᠬᠡ ᠳᠤ ᠬᠦᠨᠵᠡᠬᠡᠶᠢᠷᠡᠨ ᠲᠡᠲᠡᠨ ᠢ ᠪᠤᠯᠭᠤᠭᠠᠨ ᠲᠤᠬᠤᠨᠢᠭᠤᠯᠤᠭᠰᠠᠨ ᠪᠠᠶᠢᠨ᠎ᠠ᠃      ᠨᠠᠰᠤᠳᠠᠨ ᠪᠤᠭᠤᠷᠤᠯᠴᠤᠳ ᠢ ᠬᠠᠯᠠᠮᠵᠢᠯᠠᠪᠠ᠃ ᠰᠠᠶᠢᠨ ᠲᠤᠷᠠᠴᠤᠤᠯ ᠪᠦᠬᠦ ᠭᠠᠴᠠᠭᠠᠨ ᠤ 80 ᠨᠠᠰᠤᠨ ᠠᠴᠠ ᠲᠡᠭᠡᠭᠰᠢᠬᠢ ᠦᠨᠲᠦᠷ ᠨᠠᠰᠤ ᠲᠠᠢ ᠪᠤᠭᠤᠷᠤᠯᠴᠤᠳ ᠲᠤ ᠡᠮ ᠲᠠᠩ᠂ ᠠᠮᠠᠪᠴᠢ᠂ ᠤᠬᠠᠭᠤᠯᠤᠯ ᠤᠨ ᠬᠠᠭᠤᠲᠠᠰᠤ ᠵᠡᠷᠬᠡ ᠶᠢ ᠬᠦᠷᠬᠡᠨ ᠦᠭᠴᠤ᠂ ᠪᠡᠶ᠎ᠡ ᠶᠢᠨ ᠬᠠᠯᠠᠭᠤᠨ ᠪᠠ ᠴᠢᠰᠤᠨ ᠲᠠᠷᠤᠯᠲᠠ ᠶᠢ ᠨᠢ ᠪᠠᠶᠢᠴᠠᠭᠠᠨ ᠬᠡᠮᠵᠢᠵᠦ᠂ ᠪᠠᠰᠠ ᠬᠢᠵᠢᠭ ᠤᠨ ᠪᠠᠶᠢᠲᠠᠯ ᠤᠨ ᠬᠠᠨᠲᠤᠰᠢ ᠪᠠ ᠬᠢᠵᠢᠭ ᠢ ᠰᠡᠷᠭᠡᠶᠢᠯᠡᠬᠦ ᠲᠤᠬᠠᠢ ᠮᠡᠲᠡᠯᠭᠡ ᠶᠢ ᠶᠠᠷᠢᠨ ᠦᠭᠬᠦ ᠶᠢᠨ ᠬᠠᠮᠳᠤ ᠰᠡᠳᠭᠢᠯ ᠰᠠᠨᠠᠭᠠᠨ ᠤ ᠵᠢᠯᠤᠭᠤᠲᠤᠯᠭ᠎ᠠ ᠬᠢᠪᠡ᠃ ᠡᠳᠡᠭᠡᠷ ᠬᠦᠮᠦᠰ ᠪᠤᠯ ᠦᠡᠭᠭᠡᠷᠡᠭᠰᠡᠨ ᠳᠤ ᠮᠠᠯ ᠠᠵᠤ ᠠᠬᠤᠢ ᠶᠢᠨ ᠦᠢᠯᠡᠳᠪᠤᠷᠢᠯᠡᠯ ᠲᠡᠭᠡᠷ᠎ᠡ ᠨᠡᠮᠡᠷᠢ ᠵᠢᠳᠭᠦᠯ ᠢᠶᠠᠨ ᠦᠵᠡᠭᠦᠯᠵᠦ ᠲᠤᠪᠤᠶᠢᠮ᠎ᠠ ᠠᠮᠵᠢᠯᠲᠠ ᠭᠠᠷᠭᠠᠭᠰᠠᠨ ᠡ᠊ᠩ ᠤᠨ ᠮᠠᠯᠴᠢᠳ ᠶᠤᠮ᠃ ᠡᠳᠦᠭᠡ ᠬᠢᠵᠢᠭ ᠢ ᠰᠡᠷᠭᠡᠶᠢᠯᠡᠨ ᠡᠵᠡᠮᠲᠡᠬᠦ ᠬᠤᠭᠤᠴᠠᠭᠠᠨ ᠳᠤ ᠲᠡᠲᠡ ︽ᠰᠠᠬᠢᠨ ᠬᠠᠮᠠᠭᠠᠯᠠᠬᠤ︾ ᠨᠢᠭᠡᠨ ᠰᠠᠯᠠᠭ᠎ᠠ ᠭᠦᠴᠦᠨ ᠪᠤᠯᠵᠦ᠂ ᠬᠠᠮᠢᠭ᠎ᠠ ᠴᠤ ᠶᠠᠪᠤᠬᠤ ᠦᠬᠡᠢ ᠭᠡᠷ ᠤᠷᠤᠨ ᠢᠶᠠᠨ ᠪᠠᠳᠤ ᠰᠠᠬᠢᠨ᠂ ᠪᠤᠯᠪᠠᠰᠤᠨ ᠵᠠᠩ ᠦᠢᠯᠡ ᠪᠠᠷ ᠢᠶᠠᠨ ᠨᠤᠳᠤᠭ ᠤᠨ ᠤᠯᠠᠨ ᠳᠠᠭᠠᠨ ᠲᠠᠭᠤᠷᠢᠶᠠᠯ ᠪᠤᠯᠵᠤ ᠶᠠᠪᠤᠨ᠎ᠠ᠃      ᠲᠤᠷᠤᠢ ᠪᠠᠭᠤᠷᠠᠢ ᠶᠢ ᠬᠠᠯᠠᠮᠵᠢᠯᠠᠪᠠ᠃ ᠰᠠᠶᠢᠨ ᠲᠤᠷᠠᠴᠤᠤᠯ ᠬᠠᠭᠤᠴᠢᠨ ᠠᠷᠬᠠᠭ ᠡᠪᠡᠳᠴᠢᠨ ᠳᠤ ᠨᠡᠷᠪᠡᠭᠳᠡᠭᠰᠡᠨ 5 ᠡᠷᠦᠬᠡ ᠪᠠ ᠶᠠᠳᠠᠭᠤ ᠬᠦᠴᠢᠷᠲᠡᠯᠲᠡᠢ 2 ᠡᠷᠦᠬᠡ ᠶᠢ ᠪᠤᠯᠭᠤᠭᠠᠨ ᠦᠵᠡᠵᠦ᠂ ᠲᠡᠲᠡᠨ ᠳᠤ ᠬᠠᠶᠢᠷ᠎ᠠ ᠬᠠᠯᠠᠮᠵᠢ ᠵᠤᠷᠢᠭᠵᠢᠭᠤᠯᠤᠯ ᠤᠨ ᠭᠦᠴᠦᠨ ᠤᠯᠭᠤᠪᠠ᠃ ᠡᠳᠡᠭᠡᠷ ᠬᠦᠮᠦᠰ ᠶᠠᠳᠠᠭᠤ ᠠᠴᠠ ᠠᠩᠬᠢᠵᠢᠷᠠᠭᠤᠯᠬᠤ ᠲᠠᠶᠢᠯᠠᠯᠲᠤᠭᠠᠨ ᠤ ᠲᠤᠮᠳᠠ ︽ᠬᠠᠯᠠᠮᠵᠢᠯᠠᠯ ᠭᠦᠷᠲᠡᠭᠴᠢ︾ ᠪᠠᠶᠢᠭᠰᠠᠨ ᠪᠤᠯᠪᠠᠴᠤ ᠬᠢᠵᠢᠭ ᠢ ᠰᠡᠷᠭᠡᠶᠢᠯᠡᠨ ᠡᠵᠡᠮᠲᠡᠬᠦ ᠲᠠᠶᠢᠯᠠᠯᠲᠤᠭᠠᠨ ᠤ ᠲᠤᠮᠲᠠ ᠬᠠᠷᠢᠨ ︽ᠬᠠᠯᠠᠮᠵᠢᠯᠠᠯ ᠭᠦᠷᠲᠡᠭᠡᠭᠴᠢ︾ ᠪᠤᠯᠤᠭᠰᠠᠨ ᠪᠠᠶᠢᠪᠠ᠃ ᠭᠤᠸᠠᠨ ᠵᠢᠶᠡᠨ ᠵᠢᠶᠦ᠋ᠨ ᠪᠤᠯ ᠲᠠᠷᠤᠢ ᠲᠡᠲᠡᠨ ᠤ ᠲᠤᠲᠤᠷᠠᠬᠢ ᠨᠢᠭᠡᠨ ᠨᠡᠶᠢᠲᠡᠯᠢᠭ ᠵᠢᠱᠢᠶ᠎ᠡ ᠮᠦᠨ᠃ ᠤᠤᠯ ᠳᠠᠭᠠᠨ ᠶᠠᠳᠠᠭᠤ ᠬᠦᠴᠢᠷᠳᠡᠯᠳᠡᠢ ᠪᠠᠶᠢᠭᠰᠠᠨ ᠲᠡᠷᠡ ᠪᠤᠰᠤᠳ ᠤᠨ ᠲᠡᠮᠵᠢᠯᠭᠡ ᠪᠠ ᠬᠤᠪᠢ ᠪᠡᠶ᠎ᠡ ᠶᠢᠨ ᠴᠢᠷᠮᠠᠶᠢᠯᠭ᠎ᠠ ᠪᠠᠷ ᠢᠶᠠᠨ ᠶᠠᠳᠠᠭᠤ ᠠᠴᠠ ᠠᠩᠭᠢᠵᠢᠷᠠᠨ᠂ ᠬᠡᠷ ᠤᠨ ᠬᠦᠮᠦᠰ ᠲᠡᠭᠡᠨ ᠴᠢᠨᠡᠬᠡᠯᠢᠭ ᠠᠮᠢᠳᠤᠷᠠᠯ ᠢ ᠡᠳ᠋ᠯᠡᠬᠦᠯᠵᠡᠢ᠃ ᠡᠳᠤᠭᠡ ᠲᠡᠷᠨ ᠭᠢᠵᠢᠭ ᠢ ᠰᠡᠷᠭᠡᠶᠢᠯᠡᠨ ᠡᠵᠡᠮᠳᠡᠭᠦ ᠲᠠᠶᠢᠯᠠᠯᠳᠤᠭᠠᠨ ᠤ ᠲᠤᠮᠳᠠ ︽ᠰᠠᠭᠢᠨ ᠬᠠᠮᠠᠭᠠᠯᠠᠬᠴᠢ︾ ᠪᠤᠯᠵᠤ᠂ ᠤᠯᠠᠨ ᠤ ᠰᠡᠳᠭᠢᠯ ᠢ ᠲᠤᠯᠠᠭᠠᠴᠠᠭᠤᠯᠤᠨ ᠎ᠠ᠃ ᠲᠡᠭᠦᠨ ᠤ ᠴᠢᠷᠮᠠᠶᠢᠯᠭ᠎ᠠ ᠳᠤ ᠡᠶᠡᠷᠬᠦ ᠡᠨᠧᠷᠬᠢ ᠪᠦᠷᠢᠨ ᠬᠠᠷᠠᠭᠳᠠᠵᠤ ᠪᠠᠶᠢᠬᠤ ᠪᠠᠷ ᠢᠶᠠᠨ ᠰᠡᠶᠢᠨ ᠲᠤᠷᠠᠴᠤᠤᠯ ᠠᠴᠠ ᠬᠠᠯᠠᠮᠵᠢᠯᠠᠨ ᠵᠤᠷᠢᠭᠵᠢᠭᠤᠯᠬᠤ ᠨᠢ ᠲᠡᠭᠦᠨ ᠤ ᠵᠢᠱᠢᠶᠡᠴᠢ ᠦᠢᠯᠡᠳᠦᠯ ᠢ ᠦᠭᠡᠷ᠎ᠡ ᠪᠤᠰᠤᠳ ᠲᠤ ᠦᠯᠢᠭᠡᠷᠯᠡᠨ ᠦᠵᠡᠭᠦᠯᠬᠦ ᠶᠢᠨ ᠪᠠᠰᠠ ᠨᠢᠭᠡᠨ ᠠᠮᠢᠳᠤᠯᠢᠭ ᠠᠷᠭ᠎ᠠ ᠬᠡᠮᠵᠢᠶ᠎ᠡ ᠪᠤᠯᠤᠭᠰᠠᠨ ᠪᠠᠶᠢᠨ᠎ᠠ᠃      ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠪᠠ ᠬᠢᠵᠢᠭ ᠢ ᠰᠡᠷᠬᠡᠶᠢᠯᠡᠨ ᠡᠵᠡᠮᠳᠡᠬᠦ ᠲᠠᠶᠢᠯᠠᠯᠳᠤᠭᠠᠨ ᠤ ᠲᠦᠷᠦ ᠶᠢᠨ ᠪᠤᠳᠤᠯᠭ᠎ᠠ ᠶᠢ ᠰᠤᠷᠲᠠᠯᠴᠢᠯᠠᠨ ᠤᠬᠠᠭᠤᠯᠪᠠ᠃ ᠪᠡᠶ᠎ᠡ ᠰᠡᠳᠭᠢᠯ ᠢ ᠨᠢ ᠡᠷᠡᠭᠦᠯ ᠡ᠊ᠩᠬᠡ ᠪᠠᠶᠢᠯᠭᠠᠬᠤ ᠶᠠᠪᠤᠲᠠᠯ ᠪᠤᠯ ᠮᠦᠨ ᠴᠦ ᠤᠲᠤᠬᠠᠨ ᠤ ︽ᠬᠤᠶᠠᠷ ᠢ ᠤᠰᠤᠯᠲᠠᠭᠤᠯᠬᠤ ᠦᠬᠡᠢ︾ ᠠᠵᠢᠯ ᠤᠨ ᠴᠢᠬᠤᠯᠠ ᠪᠦᠷᠢᠯᠲᠦᠭᠦᠨ ᠭᠡᠰᠡᠭ ᠮᠦᠨ᠃ ᠡᠨᠡ ᠤᠳᠠᠭᠠᠨ ᠤ ᠠᠵᠢᠯᠯᠠᠭ᠎ᠠ ᠳᠤ ᠰᠠᠶᠢᠨ ᠲᠤᠷᠠᠴᠤᠤᠯ ᠪᠦᠬᠦ ᠭᠠᠴᠠᠭᠠᠨ ᠤ 20 ᠡᠷᠦᠬᠡ ᠶᠢᠨ 30 ᠨᠠᠰᠤᠲᠠᠶᠢᠴᠤᠳ᠂ ᠤᠲᠠᠭᠠᠨ ᠴᠢᠨᠠᠷ ᠲᠠᠢ ᠠᠷᠬᠠᠭ ᠡᠪᠡᠳᠴᠢᠨ ᠳᠤ ᠨᠡᠷᠪᠡᠭᠳᠡᠭᠰᠡᠳ ᠪᠠ ᠶᠠᠳᠠᠭᠤ ᠬᠦᠴᠢᠷᠲᠡᠯᠲᠡᠢ ᠡᠷᠦᠬᠡ ᠠᠮᠠ ᠪᠠᠷ ᠭᠦᠨᠵᠡᠭᠡᠶᠢᠷᠡᠬᠦ ᠳᠡᠭᠡᠨ ᠲᠡᠲᠡᠨ ᠢ ᠪᠤᠯᠭᠤᠭᠠᠨ ᠲᠤᠬᠤᠨᠢᠭᠤᠯᠵᠦ᠂ ᠲᠡᠲᠡᠨ ᠳᠤ ᠬᠠᠯᠠᠮᠵᠢᠯᠠᠯ ᠭᠦᠷᠲᠡᠭᠡᠬᠦ ᠪᠠᠷ ᠲᠠᠮᠵᠢᠨ ᠪᠦᠬᠦ ᠭᠡᠷ ᠪᠦᠯᠢ ᠶᠢᠨ ᠬᠢᠨᠢ ᠠᠮᠢᠲᠤᠷᠠᠯ ᠦᠢᠯᠡᠳᠪᠤᠷᠢᠯᠡᠯ ᠤᠨ ᠪᠠᠶᠢᠲᠠᠯ ᠢ ᠤᠶᠢᠯᠠᠭᠠᠵᠤ᠂ ᠪᠤᠲᠠᠲᠤ ᠪᠠᠶᠢᠲᠠᠯ ᠳᠤᠨᠢ ᠴᠢᠭᠯᠡᠭᠦᠯᠦᠨ ᠶᠠᠳᠠᠭᠤ ᠠᠴᠠ ᠠᠩᠭᠢᠵᠢᠷᠠᠬᠤ ᠪᠠ ᠬᠢᠵᠢᠭ ᠢ ᠰᠡᠷᠬᠡᠶᠢᠯᠡᠨ ᠡᠵᠡᠮᠳᠡᠬᠦ ᠬᠤᠶᠠᠷ ᠲᠠᠶᠢᠯᠠᠯᠳᠤᠭᠠᠨ ᠤ ᠲᠤᠬᠠᠢ ᠲᠦᠷᠦ ᠶᠢᠨ ᠪᠤᠲᠤᠯᠭ᠎ᠠ ᠶᠢ ᠤᠬᠠᠭᠤᠯᠤᠨ ᠨᠠᠶᠢᠲᠠᠪᠤᠷᠢᠵᠢᠭᠤᠯᠵᠦ᠂ ᠪᠦᠬᠦ ᠲᠠᠯ᠎ᠠ ᠶᠢᠨ ᠠᠵᠢᠯ ᠢ ᠢᠯᠭᠤᠮ ᠢᠶᠠᠷ ᠠᠬᠢᠭᠤᠯᠬᠤ ᠳᠤ ᠢᠲᠡᠪᠬᠢᠲᠡᠢ ᠦᠢᠯᠡᠳᠦᠯ ᠦᠵᠡᠭᠦᠯᠦᠭᠰᠡᠨ ᠪᠠᠶᠢᠨ᠎ᠠ᠃      ᠡᠨᠡ ᠤᠳᠠᠭᠠᠨ ᠤ ᠲᠤᠭᠤᠯᠲᠠᠢ ᠭᠠᠴᠠᠭ᠎ᠠ ᠳᠤ ᠶᠠᠪᠤᠭᠲᠠᠭᠰᠠᠨ ︽ᠡᠯᠪᠡᠷᠢᠯ ᠬᠠᠶᠢᠷ᠎ᠠ ᠶᠢ ᠢᠪᠡᠭᠡᠵᠦ ᠡᠶᠡᠷᠭᠦ ᠡᠨᠧᠷᠬᠢ ᠶᠢ ᠤᠯᠠᠮᠵᠢᠯᠠᠬᠤ︾ ᠰᠠᠶᠢᠨ ᠲᠤᠷᠠᠴᠤᠤᠯ ᠤᠨ ᠠᠵᠢᠯᠯᠠᠭ᠎ᠠ ᠨᠢ ᠬᠢᠵᠢᠭ ᠢ ᠰᠡᠷᠬᠡᠶᠢᠯᠡᠨ ᠡᠵᠡᠮᠳᠡᠬᠦ ᠪᠠ ᠶᠠᠳᠠᠭᠤ ᠠᠴᠠ ᠠᠩᠭᠢᠵᠢᠷᠠᠬᠤ ᠶᠢ ᠠᠬᠢᠭᠤᠯᠤᠨ᠂ ᠨᠡᠶᠢᠬᠡᠮ ᠤᠨ ᠱᠠᠭᠠᠷᠳᠠᠯᠭ᠎ᠠ ᠳᠤ ᠮᠠᠰᠢ ᠲᠤᠬᠢᠷᠠᠭᠰᠠᠨ ᠪᠤᠯᠬᠤᠷ ᠬᠠᠯᠠᠮᠵᠢᠯᠠᠯ ᠭᠦᠷᠲᠡᠭᠴᠢᠳ ᠤᠨ ᠭᠦᠰᠡᠯ ᠳᠤ ᠨᠡᠶᠢᠴᠡᠵᠦ᠂ ᠨᠡᠶᠢᠬᠡᠮ ᠤᠨ ᠡᠯ᠎ᠡ ᠡᠳᠡᠭᠡᠳ ᠤᠨ ᠮᠠᠭᠲᠠᠭᠠᠯ ᠰᠠᠶᠢᠰᠢᠶᠠᠯ ᠢ ᠤᠯᠤᠭᠰᠠᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号