3 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ ᠬᠤᠰᠢᠭᠤ ᠳᠠᠷᠤᠭ᠎ᠠ ᠵᠤᠤ ᠹᠸᠢ ᠯᠦ ᠪᠠᠶᠢᠴᠠᠭᠠᠬᠤ ᠪᠥᠯᠭᠦᠮ ᠢ ᠳᠠᠭᠠᠭᠤᠯᠤᠨ ᠨᠢᠩᠰᠢᠶᠠ ᠶᠢᠨ ᠬᠤᠲᠣᠩ | ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠢᠩᠳᠥ᠋ᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠤᠨ ᠪᠤᠤ ᠹᠧᠩ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠯᠳᠠ ᠭᠢᠪᠠ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠯᠢ ᠵᠥᠩ ᠯᠢᠨ ᠪᠠᠶᠢᠴᠠᠭᠠᠯᠳᠠ ᠳᠤ ᠤᠷᠤᠯᠴᠪᠠ᠃ | | | | | | | ᠵᠣᠣ ᠹᠸᠢ ᠯᠢ ᠨᠡᠷ ᠤᠷᠢᠳ ᠬᠤᠵᠢᠳ ᠪᠤᠤ ᠹᠧᠩ ᠡᠨᠧᠷᠭᠢ ᠶᠢᠨ ᠡᠷᠭᠢᠯᠳᠠᠳᠤ ᠠᠵᠤ ᠠᠬᠤᠶ ᠶᠢᠨ ᠠᠵᠤ | ᠥᠢᠯᠡᠳᠪᠤᠷᠢ ᠶᠢᠨ ᠰᠠᠭᠤᠷᠢᠨ ᠭᠠᠵᠠᠷ᠂ ᠶᠠᠨ ᠪᠤᠤ ᠪᠤᠶᠠᠨ ᠤ ᠦᠢᠯᠡᠰ ᠤᠨ ᠰᠠᠭᠤᠷᠢ ᠮᠥᠩᠭᠦᠨ ᠤ ᠨᠡᠶᠢᠭᠡᠮᠯᠢᠭ᠂ | ᠪᠤᠤ ᠹᠧᠩ ᠨᠠᠰᠤᠲᠠᠶᠢᠴᠤᠳ ᠤᠨ ᠠᠰᠠᠷᠠᠮᠵᠢ ᠶᠢᠨ ᠹᠢᠽᠢᠺ ᠵᠠᠰᠠᠯ ᠤᠨ ᠲᠥᠷᠥᠯ ᠵᠦᠶᠯ ᠵᠢᠴᠢ ᠪᠤᠤ ᠹᠧᠩ ᠬᠡᠷᠡᠯ | ᠸᠣᠯᠲ ᠢᠶᠠᠷ ᠴᠠᠭᠢᠯᠭᠠᠨ ᠭᠠᠷᠭᠠᠬᠤ ᠥᠢᠯᠡᠳᠪᠤᠷᠢ ᠪᠠᠷ ᠬᠦᠷᠴᠦ ᠪᠠᠶᠢᠴᠠᠭᠠᠨ ᠦᠵᠡᠪᠡ᠃ ᠬᠦᠷᠦᠭᠰᠡᠨ ᠭᠠᠵᠠᠷ | ᠪᠣᠯᠭᠠᠨ ᠳᠤ ᠵᠤᠤ ᠹᠸᠢ ᠯᠦ ᠨᠠᠷᠢᠨ ᠥᠵᠠᠨ ᠬᠢᠨᠠᠮᠠᠭᠠᠢ ᠰᠣᠨᠣᠰᠴᠤ ᠪᠤᠤ ᠹᠧᠩ ᠪᠦᠯᠦᠭᠯᠡᠯ ᠤᠨ ᠪᠡᠯᠡ | ᠣᠷᠣᠭᠤᠯᠤᠯᠲᠠ ᠶᠢᠨ ᠲᠦᠷᠦᠯ ᠵᠦᠢᠯ ᠤᠨ ᠡᠷᠭᠢᠯᠳᠠ ᠶᠢᠨ ᠪᠠᠶᠢᠳᠠᠯ ᠢ ᠨᠠᠷᠢᠯᠢᠭ ᠤᠶᠢᠯᠠᠭᠠᠭᠰᠠᠨ ᠪᠠᠶᠢᠨ᠎ᠠ᠃ | ᠪᠤᠤ ᠹᠧᠩ ᠡᠨᠧᠷᠭᠢ ᠶᠢᠨ ᠪᠦᠯᠦᠭᠯᠡᠯ ᠪᠣᠯ ᠨᠡᠭᠦᠷᠡᠰᠦᠨ ᠤ ᠦᠶᠯᠡᠳᠪᠦᠷᠢᠯᠡᠯ ᠵᠢᠴᠢ ᠡᠳ᠋ᠰᠢᠭᠦᠯᠦᠨ ᠠᠰᠢᠭᠯᠠᠬᠤ᠂ | ᠡᠵᠡᠩᠨᠠᠭᠦ᠂ ᠪᠣᠷᠣᠯᠠᠭᠤᠯᠬᠤ ᠪᠠᠷ ᠳᠠᠭᠠᠭᠤᠯᠤᠭᠴᠢ ᠪᠤᠯᠭᠠᠵᠤ ᠣᠯᠠᠨ ᠲᠥᠷᠥᠯ ᠤᠨ ᠡᠵᠡᠩᠨᠡᠯᠲᠡ ᠪᠠᠷ ᠭᠤᠤᠯ ᠴᠣᠭᠴᠠ | ᠪᠣᠯᠭᠠᠭᠰᠠᠨ ᠲᠣᠮᠣ ᠭᠡᠯᠪᠠᠷᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ᠎ᠠ᠃ ᠣᠶᠢᠷ᠎ᠠ ᠶᠢᠨ ᠵᠢᠯ | ᠤᠳ ᠲᠤ ᠨᠢᠩᠳᠥ᠋ᠩ ᠤᠨ ᠠᠵᠤ ᠦᠶᠯᠡᠳᠪᠦᠷᠢ ᠶᠢᠨ ᠬᠦᠷᠢᠶᠡᠯᠡᠩ ᠳᠤ ᠲᠦᠰᠢᠭᠯᠡᠨ ︽ᠨᠡᠭᠦᠷᠡᠰᠦ᠂ ᠬᠡᠦᠷᠡᠰᠦ᠂ ᠬᠡᠶ᠂ | ᠮᠧᠲ᠋ᠢᠯ ᠠᠯᠺᠣᠣᠯ᠂ ᠠᠯᠺᠧᠨ᠂ ᠪᠥᠭᠡᠭᠡᠨᠡᠷᠡᠯ ᠡᠲ᠋ᠧᠨ᠂ ᠪᠥᠭᠡᠭᠡᠨᠡᠷᠡᠯ ᠫᠷᠤᠫᠧᠨ᠂ ᠨᠠᠷᠢᠯᠢᠭ ᠬᠢᠮᠢ ᠶᠢᠨ ᠠᠵᠤ | ᠦᠶᠯᠡᠳᠪᠦᠷᠢ︾ ᠶᠢ ᠨᠢᠭᠡ ᠴᠣᠭᠴᠠᠵᠢᠭᠤᠯᠤᠭᠰᠠᠨ ᠨᠡᠭᠦᠷᠡᠰᠦᠨ ᠤ ᠰᠠᠭᠤᠷᠢ ᠰᠢᠨ᠎ᠡ ᠮᠠᠲ᠋ᠧᠷᠢᠶᠠᠯ ᠤᠨ ᠡᠷᠭᠢᠯᠳᠡᠳᠤ | ᠠᠵᠤ ᠠᠬᠤᠶ ᠶᠢᠨ ᠠᠵᠤ ᠦᠶᠯᠡᠰ ᠤᠨ ᠰᠦᠷᠦᠭᠵᠢᠯ ᠢ ᠰᠢᠨ᠎ᠡ ᠪᠠᠷ ᠡᠭᠦᠳᠪᠡ᠃ | | | | | | | ᠵᠣᠣ ᠹᠸᠢ ᠯᠦ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠪᠠ ᠰᠣᠯᠢᠯᠴᠠᠭ᠎ᠠ ᠬᠢᠬᠦ ᠲᠤᠮᠳᠠ ᠦᠦᠰᠢᠨ | ᠬᠤᠰᠢᠭᠤᠨ ᠤ ᠡᠨᠧᠷᠭᠢ ᠶᠢᠨ ᠡᠬᠢ ᠪᠠᠶᠠᠯᠢᠭ ᠡᠯᠪᠡᠭ ᠲᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠲᠣᠪᠣᠶᠢᠮ᠎ᠠ᠂ | ᠠᠵᠤ ᠥᠢᠯᠠᠰ ᠤᠨ ᠰᠠᠭᠤᠷᠢ ᠰᠠᠶᠢᠨ ᠪᠠᠶᠢᠵᠤ ᠨᠡᠭᠦᠷᠡᠰᠦ ᠵᠢᠴᠢ ᠨᠡᠭᠦᠷᠡᠰᠦᠨ ᠤ ᠬᠢᠮᠢ ᠶᠢᠨ ᠠᠵᠤ ᠦᠶᠯᠡᠳᠪᠦᠷᠢ ᠶᠢᠨ | ᠠᠵᠤ ᠠᠬᠤᠶᠢᠯᠠᠯ ᠤᠨ ᠪᠠᠯᠠ ᠣᠷᠣᠭᠤᠯᠤᠨ ᠦᠶᠯᠡᠰ ᠴᠣᠭᠴᠠᠯᠠᠬᠤ ᠬᠦᠰᠡᠯᠡᠩ ᠤᠨ ᠭᠠᠵᠠᠷ ᠪᠤᠯᠵᠠᠢ᠃ ᠪᠤᠤ ᠹᠧᠩ | ᠡᠨᠧᠷᠭᠢ ᠶᠢᠨ ᠪᠦᠯᠦᠭᠯᠡᠯ ᠤᠨ ᠪᠣᠳᠠᠲᠤ ᠬᠦᠴᠦᠨ ᠶᠡᠭᠡ᠂ ᠣᠶᠢᠯᠠᠭᠠᠭᠳᠠᠬᠤᠨ ᠨᠢ ᠤᠷᠢᠳᠴᠢᠯᠠᠭᠰᠠᠨ᠂ ᠮᠡᠷᠭᠡᠵᠢᠯ ᠨᠢ | ᠲᠡᠷᠢᠭᠦᠨ ᠤ ᠪᠠᠶᠢᠵᠤ ᠬᠤᠶᠠᠷ ᠲᠠᠯ᠎ᠠ ᠪᠠᠷ ᠢᠶᠠᠨ ᠥᠪᠥᠷ ᠮᠣᠩᠭᠤᠯ ᠱᠠᠨᠰᠢ ᠨᠢᠩᠰᠢᠶᠠ ᠶᠢᠨ ᠡᠨᠧᠷᠭᠢ ᠬᠢᠮᠢ ᠶᠢᠨ ᠠᠵᠤ | ᠦᠶᠯᠡᠳᠪᠦᠷᠢ ᠶᠢᠨ ︽ᠭᠤᠷᠪᠠᠯᠵᠢᠨ ᠣᠷᠣᠨ︾ ᠤ ᠭᠠᠵᠠᠷ ᠣᠷᠣᠨ ᠤ ᠠᠭᠤᠰᠤᠯᠴᠠᠯ ᠬᠠᠮᠵᠢᠯᠴᠠᠭ᠎ᠠ᠂ | ᠦᠷᠬᠦᠯᠵᠢᠯᠡᠬᠦᠶᠢᠴᠡ ᠬᠥᠭᠵᠢᠯᠲᠡ ᠶᠢᠨ ᠳᠤᠮᠳᠠ ᠬᠠᠮᠲᠤᠷᠠᠯᠴᠠᠭ᠎ᠠ ᠪᠠᠨ ᠭᠥᠨᠵᠠᠭᠡᠶᠢᠷᠠᠭᠦᠯᠤᠨ ᠡᠬᠢ ᠪᠠᠶᠠᠯᠢᠭ ᠪᠠ | ᠮᠡᠷᠭᠡᠵᠢᠯ ᠤᠨ ᠳᠠᠪᠠᠭᠤᠯᠢᠭ ᠢ ᠤᠶᠠᠯᠳᠤᠭᠤᠯᠵᠤ ᠡᠬᠢ ᠪᠠᠶᠠᠯᠢᠭ ᠢ ᠶᠡᠷᠦᠩᠬᠡᠶᠢᠯᠡᠨ ᠡᠷᠭᠢᠯᠳᠦᠭᠦᠯᠦᠨ ᠠᠰᠢᠭᠯᠠᠬᠤ ᠪᠠ | ᠠᠵᠤ ᠦᠶᠯᠡᠰ ᠠᠮᠢ ᠠᠬᠤᠶ ᠶᠢ ᠵᠣᠬᠢᠴᠠᠩᠭᠤᠶ ᠭᠥᠭᠵᠢᠭᠦᠯᠵᠤ ᠭᠠᠵᠠᠷ ᠣᠷᠣᠨ ᠤ ᠠᠵᠤ ᠠᠬᠤᠶᠢᠯᠠᠯ ᠬᠠᠮᠲᠤ ᠪᠠᠷ | ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃ | ᠡᠨᠡ ᠬᠤᠭᠤᠴᠠᠭᠠᠨ ᠳᠤ ᠵᠤᠤ ᠹᠸᠢ ᠯᠤ᠋ ᠨᠡᠷ ᠪᠠᠰᠠ ᠨᠢᠩᠳᠥ᠋ᠩ ᠤᠨ ᠰᠠᠭᠤᠷᠢᠨ ᠭᠠᠵᠠᠷ ᠤᠨ ᠦᠵᠡᠬᠦᠯᠦᠯᠬᠡ | ᠶᠢᠨ ᠲᠥᠪ ᠢ ᠲᠣᠭᠤᠷᠢᠨ ᠦᠵᠡᠵᠦ ᠲᠤᠮᠤ ᠬᠡᠯᠪᠡᠷᠢ ᠶᠢᠨ ᠨᠡᠭᠦᠷᠡᠰᠦ᠂ ᠨᠡᠭᠦᠷᠡᠰᠦᠨ ᠤ ᠬᠢᠮᠢ ᠶᠢᠨ ᠠᠵᠤ | ᠥᠢᠯᠡᠳᠪᠤᠷᠢ ᠶᠢᠨ ᠠᠵᠤ ᠦᠢᠯᠡᠰ᠂ ︽ᠪᠠᠷᠠᠭᠤᠨ ᠣᠷᠣᠨ ᠤ ᠴᠠᠬᠢᠯᠭᠠᠨ ᠢ ᠵᠡᠭᠦᠨᠰᠢ ᠬᠦᠷᠭᠡᠬᠦ︾ ᠢᠯᠴᠢ ᠴᠠᠬᠢᠯᠭᠠᠨ | ᠤ ᠰᠠᠭᠤᠷᠢᠨ ᠭᠠᠵᠠᠷ᠂ ᠡᠷᠭᠢᠯᠳᠡᠳᠤ ᠠᠵᠤ ᠠᠬᠤᠢ ᠶᠢᠨ ᠵᠢᠱᠢᠶ᠎ᠡ ᠦᠵᠡᠭᠦᠯᠬᠦ ᠪᠦᠳᠦᠭᠡᠨ ᠪᠠᠶᠢᠭᠤᠯᠤᠯᠲᠠ ᠪᠣᠯᠤᠨ | ᠲᠥᠯᠥᠪᠵᠢᠭᠦᠯᠭᠡ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃ | |