ᠮᠠᠨ ᠤ ᠬᠤᠰᠢᠭᠤᠨ ᠤ 50 ᠶᠠᠳᠠᠭᠤ ᠬᠦᠴᠢᠷᠳᠡᠯᠳᠡᠢ ᠡᠷᠣᠭᠡ ᠣᠢ ᠰᠢᠭᠤᠢ ᠶᠢᠨ ᠬᠠᠮᠠᠭᠠᠯᠠᠭᠴᠢ ᠪᠣᠯᠣᠯ᠎ᠠ
ᠨᠡᠶᠢᠲᠡᠯᠡᠭᠰᠡᠨ ᠴᠠᠭ᠄
2020-04-01
     ᠮᠠᠨ ᠤ ᠬᠤᠰᠢᠭᠤ ᠠᠮᠢ ᠠᠬᠤᠶ ᠪᠠᠷ ᠶᠠᠳᠠᠭᠤ ᠶᠢ ᠳᠡᠳᠭᠦᠬᠦ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠣᠭᠠᠨ ᠤ ᠴᠢᠬᠤᠯᠠ ᠪᠠᠶᠢᠯᠳᠤᠬᠤ ᠪᠣᠳᠣᠯᠭ᠎ᠠ ᠪᠣᠯᠭᠠᠨ ᠬᠡᠷᠡᠭᠵᠢᠭᠦᠯᠵᠥ 50 ᠶᠠᠳᠠᠭᠤ ᠬᠦᠴᠢᠷᠳᠡᠯᠲᠡᠶ ᠡᠷᠦᠬᠡ ᠶᠢ ᠣᠢ ᠰᠢᠭᠤᠢ ᠶᠢᠨ ᠬᠠᠮᠠᠭᠠᠯᠠᠭᠴᠢ ᠪᠠᠷ ᠣᠷᠢᠨ ᠬᠡᠷᠡᠭᠯᠡᠵᠥ ᠣᠷᠣᠯᠭ᠎ᠠ ᠶᠢ ᠨᠢ ᠪᠠᠳᠣᠯᠠᠨ ᠲᠠᠬᠢᠨ ᠶᠠᠳᠠᠭᠤᠷᠠᠬᠤ ᠶᠢ ᠰᠡᠷᠭᠡᠶᠢᠯᠡᠵᠣ ᠴᠢᠳᠠᠯ᠎ᠠ᠃      ᠡᠨᠡ ᠵᠢᠯ 50 ᠨᠠᠰᠤᠲᠠᠶ ᠦᠣᠰᠢᠨᠵᠣᠣ ᠪᠠᠯᠭᠠᠰᠣᠨ ᠤ ᠦᠣᠰᠢᠨᠵᠣᠣ ᠭᠠᠴᠠᠭᠠᠨ ᠤ ᠮᠠᠯᠴᠢᠨ ᠣᠳᠬᠠᠨᠪᠠᠲᠣ ᠶᠢᠨ ᠬᠢᠨ ᠪᠣᠯ ᠶᠠᠳᠠᠭᠤ ᠠᠴᠠ ᠠᠩᠬᠢᠵᠢᠷᠠᠨ ᠪᠠᠳᠣᠳᠬᠠᠭᠳᠠᠵᠣ ᠪᠠᠶᠢᠭ᠎ᠠ ᠡᠷᠦᠬᠡ ᠪᠣᠯᠤᠨ᠎ᠠ᠃ ᠲᠠᠷᠡ ᠣᠶᠢᠷ᠎ᠠ ᠶᠢᠨ ᠡᠳᠣᠷ ᠪᠠᠯᠭᠠᠰᠣ ᠪᠣᠯᠣᠨ ᠭᠠᠴᠠᠭᠠᠨ ᠤ ᠰᠣᠩᠭᠤᠯᠲᠠ ᠪᠠᠷ ᠳᠠᠮᠵᠢᠨ ᠨᠢᠭᠡ ᠵᠢᠯ 15500 ᠲᠦᠬᠦᠷᠢᠭ  ᠤᠨ ᠴᠠᠯᠢᠩ ᠬᠦᠯᠣᠰᠣ ᠲᠠᠢ ᠣᠢ ᠰᠢᠭᠤᠢ ᠶᠢᠨ ᠬᠠᠮᠠᠭᠠᠯᠠᠭᠴᠢ ᠪᠣᠯᠵᠤ ᠡᠳᠣᠷ ᠪᠣᠯᠭᠠᠨ ᠬᠤᠨᠢ ᠮᠠᠯ ᠢᠶᠠᠨ ᠪᠣᠷᠳᠣᠨ ᠲᠠᠵᠢᠭᠡᠨ ᠪᠠᠷᠠᠮᠠᠭᠴᠠ ᠳᠠᠭᠠᠭᠠᠴᠢᠯᠠᠨ ᠬᠠᠮᠠᠭᠠᠯᠠᠵᠣ ᠪᠠᠶᠢᠭ᠎ᠠ ᠲᠦᠮᠡ ᠭᠠᠷᠣᠢ ᠮᠦ ᠶᠢᠨ ᠣᠢ ᠮᠣᠳᠣ ᠪᠠᠨ ᠳᠣᠭᠤᠷᠢᠨ ᠪᠠᠶᠢᠴᠠᠭᠠᠳ ᠶᠠᠭᠠᠷᠠᠵᠤ ᠪᠠᠶᠢᠯ᠎ᠠ᠃      ᠣᠶᠢᠯᠠᠭᠠᠭᠰᠠᠨ ᠢᠶᠠᠷ᠂ ᠮᠠᠨ ᠤ ᠬᠤᠰᠢᠭᠤᠨ ᠳᠤ ᠡᠨ᠋ᠨ ᠵᠢᠯ 806 ᠣᠢ ᠰᠢᠭᠤᠢ ᠶᠢᠨ ᠬᠠᠮᠠᠭᠠᠯᠠᠭᠴᠢ ᠲᠠᠢ᠃  ᠡᠭᠦᠨ ᠳᠤ 50 ᠳᠠᠩᠰᠠᠯᠠᠭᠤᠯᠣᠭᠰᠠᠨ ᠪᠠᠲᠤᠳᠬᠠᠭᠳᠠᠵᠤ ᠪᠠᠶᠢᠭ᠎ᠠ ᠶᠠᠳᠠᠭᠤ ᠡᠷᠦᠬᠡ ᠶᠢ ᠰᠣᠩᠭᠤᠨ ᠣᠢ ᠰᠢᠭᠤᠶ ᠶᠢᠨ ᠬᠠᠮᠠᠭᠠᠯᠠᠭᠴᠢ ᠪᠠᠷ ᠣᠷᠢᠨ ᠬᠡᠷᠡᠭᠯᠡᠵᠥ 775000 ᠲᠥᠭᠦᠷᠢᠭ ᠤᠨ ᠪᠠᠯᠠ ᠮᠥᠩᠭᠦ  ᠶᠢ ᠳᠠᠷᠬᠠᠭᠠᠬᠤ ᠪᠠᠷ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号