ᠦᠨᠦᠳᠦᠷ ᠪᠢᠳᠠ ᠰᠤᠷᠭᠠᠭᠤᠯᠢ ᠳᠤ ᠪᠠᠨ ᠪᠤᠴᠠᠯ᠎ᠠ
ᠨᠡᠶᠢᠲᠡᠯᠡᠭᠰᠡᠨ ᠴᠠᠭ᠄
2020-04-01
     ᠡᠮᠤᠨ᠎ᠡ ᠬᠤᠭᠤᠴᠠᠭᠠᠨ ᠤ ᠨᠠᠷᠢᠯᠢᠭ ᠪᠡᠯᠡᠳᠬᠡᠯ ᠪᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠢᠳᠡᠪᠬᠢᠳᠠᠢ ᠬᠠᠮᠵᠢᠯᠴᠠᠭ᠎ᠠ ᠪᠠᠷ ᠲᠠᠮᠵᠢᠨ 3 ᠰᠠᠷ᠎ᠠ ᠶᠢᠨ 30 ᠤ ᠡᠳᠦᠷ᠂ ᠮᠠᠨ ᠤ ᠬᠤᠰᠢᠭᠤᠨ ᠤ ᠦᠨᠳᠦᠷ ᠲᠤᠮᠳᠠᠲᠤ ᠶᠢᠨ ᠭᠤᠷᠪᠠᠳᠣᠭᠠᠷ ᠣᠨ ᠤ 349 ᠰᠤᠷᠤᠭᠴᠢ ᠪᠠ ᠠᠩᠬ᠎ᠠ ᠲᠣᠮᠳᠡᠳᠣ ᠶᠢᠨ ᠭᠤᠷᠪᠠᠳᠣᠭᠠᠷ ᠣᠨ ᠤ 1049 ᠰᠤᠷᠤᠭᠴᠢ ᠰᠤᠷᠭᠠᠭᠤᠯᠢ ᠳᠤ ᠪᠠᠨ ᠪᠤᠴᠠᠵᠤ ᠬᠠᠪᠤᠷ ᠤᠨ ᠰᠤᠷᠤᠯᠭ᠎ᠠ ᠶᠢᠨ ᠬᠤᠭᠤᠴᠠᠭ᠎ᠠ ᠪᠠᠨ ᠢᠳᠡᠭᠡᠯ ᠲᠡᠬᠦᠯᠳᠡᠷ ᠡᠬᠢᠯᠡᠬᠦᠯᠦᠯ᠎ᠡ᠃      ᠮᠠᠨ ᠤ ᠬᠤᠰᠢᠭᠤᠨ ᠤ ᠡᠯ᠎ᠡ ᠰᠣᠷᠭᠠᠭᠤᠯᠢ ᠲᠡᠭᠡᠳᠦ ᠱᠠᠲᠤᠨ ᠤ ᠱᠠᠭᠠᠷᠳᠠᠯᠭ᠎ᠠ ᠶᠤᠰᠤᠭᠠᠷ ᠬᠤᠶᠠᠷ ᠲᠦᠰᠦᠯ ᠨᠠᠢᠮᠠᠨ ᠲᠦᠷᠢᠮ᠂ ᠬᠤᠶᠠᠷ ᠵᠢᠷᠤᠭ ᠤᠨ ᠶᠤᠰᠤᠭᠠᠷ ᠪᠦᠬᠦᠶᠢᠯᠡ ᠰᠡᠷᠭᠡᠶᠢᠯᠡᠭᠡ ᠶᠢᠨ ᠠᠵᠢᠯ ᠢ ᠰᠠᠶᠢᠳᠣᠷ ᠬᠢᠵᠤ ᠬᠢᠵᠢᠭ ᠢ ᠰᠡᠷᠭᠡᠶᠢᠯᠡᠨ ᠡᠵᠡᠮᠳᠡᠬᠦ᠂ ᠲᠣᠳᠣᠭᠠᠳᠣ ᠶᠢ ᠬᠠᠮᠠᠭᠠᠯᠠᠬᠤ᠂ ᠵᠠᠮ ᠬᠠᠷᠢᠯᠴᠠᠭ᠎ᠠ ᠵᠡᠷᠬᠡ ᠤᠯᠠᠨ ᠰᠠᠯᠠᠭ᠎ᠠ ᠮᠦᠴᠢᠷ ᠤᠨ ᠬᠢᠨ ᠲᠠᠢ ᠢᠳᠡᠪᠬᠢᠳᠡᠢ ᠬᠤᠯᠪᠣᠭᠠᠯᠠᠨ ᠬᠠᠮᠵᠢᠯᠴᠠᠵᠣ ᠰᠣᠷᠭᠠᠭᠤᠯᠢ ᠶᠢᠨ ᠪᠦᠬᠦ ᠵᠦᠢᠯ ᠳᠤ ᠬᠢᠨᠠᠨ ᠪᠠᠶᠢᠴᠠᠭᠠᠯᠳᠡ ᠬᠢᠵᠦ ᠪᠠᠶᠢᠭ᠎ᠠ ᠪᠦᠭᠡᠳ ᠭᠡᠴᠢᠶᠡᠯᠯᠡᠭᠴᠢ ᠪᠠᠭᠰᠢ ᠪᠤᠯᠭᠠᠨ ᠦᠪᠡᠷ ᠤᠨ ᠭᠡᠴᠢᠶᠡᠯ ᠤᠨ ᠠᠭᠤᠯᠭ᠎ᠠ ᠲᠠᠢ ᠨᠡᠶᠢᠴᠡᠬᠦᠯᠵᠦ ᠪᠠᠶᠢᠭᠠᠳ ᠡᠨᠡ ᠤᠳᠠᠭᠠᠨ ᠤ ᠬᠢᠵᠢᠭ ᠢ ᠰᠡᠷᠭᠡᠶᠢᠯᠡᠬᠦ ᠦᠵᠡᠯᠳᠡ ᠲᠠᠨᠢᠯᠲᠠ ᠠᠷᠭ᠎ᠠ ᠪᠠᠷᠢᠯ ᠵᠡᠷᠭᠡ ᠮᠡᠳᠡᠯᠭᠡ ᠶᠢᠨ ᠬᠦᠮᠦᠵᠢᠯ ᠤᠨ ᠬᠢᠴᠢᠶᠡᠯᠯᠡᠭᠡ ᠪᠠᠷ ᠨᠢᠭᠡᠳᠤᠭᠡᠷ ᠬᠢᠴᠢᠶᠡᠯ ᠪᠤᠯᠭᠠᠬᠤ ᠶᠢ ᠱᠠᠭᠠᠷᠳᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号