ᠰᠢ ᠶᠢᠨ ᠫᠢᠩ ᠡᠮᠤᠨᠡᠳᠤ ᠠᠹᠷᠢᠺᠠ ᠶᠢᠨ ᠶᠡᠷᠤᠩᠬᠡᠶᠢᠯᠡᠭᠴᠢ ᠯᠠᠮᠠᠹᠦ᠋ᠰᠠ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-04-10
     ᠤᠯᠤᠰ ᠤᠨ ᠲᠡᠷᠢᠬᠦᠯᠡᠭᠴᠢ ᠰᠢ ᠶᠢᠨ ᠫᠢᠩ 8 ᠤ ᠤᠷᠤᠢ ᠡᠮᠤᠨᠡᠳᠤ ᠠᠹᠷᠢᠺᠠ ᠶᠢᠨ ᠶᠡᠷᠤᠩᠬᠡᠶᠢᠯᠡᠭᠴᠢ ᠯᠠᠮᠠᠹᠦ᠋ᠰᠠ ᠲᠠᠢ ᠤᠳᠠᠰᠤ ᠪᠠᠷ ᠶᠠᠷᠢᠯᠴᠠᠪᠠ᠃      ᠰᠢ ᠶᠢᠨ ᠫᠢᠩ᠂ ᠲᠤᠮᠳᠠᠳᠤ ᠤᠯᠤᠰ ᠲᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠬᠰᠠᠨ ᠤ ᠲᠠᠷᠠᠭ᠎ᠠ᠂ ᠡᠮᠤᠨᠡᠳᠤ ᠠᠹᠷᠢᠺᠠ ᠶᠢᠨ ᠵᠠᠰᠠᠭ ᠤᠨ ᠤᠷᠳᠤᠨ ᠪᠤᠯᠤᠨ ᠨᠡᠶᠢᠬᠡᠮ ᠤᠨ ᠡᠯ᠎ᠡ ᠡᠳᠡᠭᠡᠳ ᠤᠨ ᠬᠢᠨ ᠤᠯᠠᠨ ᠵᠦᠢᠯ ᠤᠨ ᠬᠡᠯᠪᠡᠷᠢ ᠪᠠᠷ ᠲᠤᠮᠳᠠᠳᠤ ᠤᠯᠤᠰ ᠢ ᠲᠤᠬᠤᠨᠢᠭᠤᠯᠵᠥ ᠪᠠᠶᠢᠬᠤ ᠪᠠ ᠲᠡᠮᠵᠢᠵᠥ ᠪᠠᠶᠢᠬᠤ ᠪᠠᠨ ᠢᠯᠡᠳᠬᠡᠪᠡ᠃ ︽ᠨᠦᠬᠦᠷ ᠪᠤᠯᠬᠤ ᠪᠦᠭᠡᠳ ᠠᠬ᠎ᠠ ᠲᠡᠬᠦᠤ ᠪᠤᠯᠬᠤ︾ ᠪᠤᠯ ᠮᠠᠨ ᠤ ᠬᠤᠶᠠᠷ ᠤᠯᠤᠰ ᠬᠤᠶᠠᠷ ᠨᠠᠮ ᠤᠨ ᠤᠨᠴᠠᠭᠠᠢ ᠨᠦᠬᠦᠷᠰᠡᠭ ᠬᠠᠷᠢᠯᠴᠠᠭᠠᠨ ᠤ ᠪᠡᠯᠬᠡ ᠲᠡᠮᠳᠡᠭ ᠪᠤᠯᠤᠨ᠎ᠠ᠃ ᠲᠤᠮᠳᠠᠳᠤ ᠤᠯᠤᠰ ᠡᠮᠤᠨᠡᠳᠤ ᠠᠹᠷᠢᠺᠠ ᠶᠢᠨ ᠬᠢᠵᠢᠭ ᠲᠠᠢ ᠲᠡᠮᠡᠴᠡᠵᠥ ᠪᠠᠶᠢᠬᠤ ᠴᠢᠷᠮᠡᠶᠢᠯᠭ᠎ᠠ ᠶᠢ ᠡᠷᠡᠰ ᠲᠡᠮᠵᠢᠵᠥ᠂ ᠲᠤᠷᠠᠳᠠᠶ᠎ᠠ ᠡᠮᠤᠨᠡᠳᠤ ᠠᠹᠷᠢᠺᠠ ᠶᠢᠨ ᠬᠡᠷᠡᠭᠴᠡᠭᠡ ᠶᠢ ᠦᠨᠳᠦᠰᠦᠯᠡᠨ᠂ ᠴᠢᠳᠠᠯ ᠤᠨ ᠢᠶᠠᠨ ᠬᠢᠷᠢ ᠪᠠᠷ ᠬᠠᠪᠰᠤᠷᠤᠯᠭ᠎ᠠ ᠬᠠᠩᠭᠠᠵᠥ᠂ ᠡᠮᠤᠨᠡᠳᠤ ᠠᠹᠷᠢᠺᠠ ᠯᠤᠭ᠎ᠠ ᠰᠡᠷᠬᠡᠶᠢᠯᠡᠨ ᠡᠵᠡᠮᠳᠡᠭᠰᠡᠡ ᠲᠤᠷᠰᠢᠯᠭ᠎ᠠ ᠪᠠᠨ ᠬᠤᠪᠢᠶᠠᠯᠴᠠᠵᠥ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠬᠦᠷᠢᠶᠡᠨ ᠤ ᠬᠠᠮᠳᠤᠷᠠᠯᠴᠠᠭ᠎ᠠ ᠪᠠᠨ ᠴᠢᠩᠭᠠᠳᠬᠠᠨ᠎ᠠ᠃      ᠶᠡᠷᠤᠩᠬᠡᠶᠢᠯᠡᠭᠴᠢ ᠠᠪᠤᠭᠠᠢ ᠶᠢᠨ ᠤᠳᠤᠷᠢᠳᠤᠯᠭ᠎ᠠ ᠲᠤᠤᠷ᠎ᠡ᠂ ᠡᠮᠤᠨᠡᠳᠤ ᠠᠹᠷᠢᠺᠠ ᠶᠢᠨ ᠵᠠᠰᠠᠭ ᠤᠨ ᠤᠷᠳᠤᠨ ᠠᠯᠢ ᠤᠯᠠᠨ ᠠᠷᠭᠠᠴᠠᠭᠠᠬᠤ ᠠᠷᠭ᠎ᠠ ᠬᠡᠮᠵᠢᠶ᠎ᠡ ᠠᠪᠴᠦ ᠢᠳᠡᠪᠬᠢᠳᠡᠢ ᠦᠷ᠎ᠡ ᠪᠦᠳᠦᠮᠵᠢ ᠤᠯᠤᠨ᠎ᠠ ᠬᠡᠳᠡᠭ ᠢ ᠢᠳᠡᠬᠡᠵᠥ ᠪᠠᠶᠢᠨ᠎ᠠ᠃ ᠪᠢᠳᠡ ᠡᠮᠤᠨᠡᠳᠤ ᠠᠹᠷᠢᠺᠠ ᠳᠤ ᠪᠠᠶᠢᠭ᠎ᠠ ᠲᠤᠮᠳᠠᠳᠤ ᠶᠢᠨ ᠬᠠᠷᠢᠶᠠᠳᠤ ᠨᠠᠷ ᠤᠨ ᠡᠮᠤᠨᠡᠳᠤ ᠠᠹᠷᠢᠺᠠ ᠶᠢᠨ ᠬᠢᠨ ᠤ ᠬᠢᠵᠢᠭ ᠲᠠᠢ ᠲᠡᠮᠡᠴᠡᠬᠦ ᠠᠵᠢᠯᠯᠠᠭ᠎ᠠ ᠳᠤ ᠢᠳᠡᠪᠬᠢᠳᠡᠢ ᠬᠠᠮᠵᠢᠯᠴᠠᠬᠤ ᠶᠢ ᠵᠤᠷᠢᠭᠵᠢᠭᠤᠯᠵᠥ ᠪᠠᠶᠢᠨ᠎ᠠ᠂ ᠡᠮᠤᠨᠡᠳᠤ ᠠᠹᠷᠢᠺᠠ ᠶᠢᠨ ᠵᠠᠰᠠᠭ ᠤᠨ ᠤᠷᠳᠤᠨ ᠲᠡᠳᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠡ ᠮᠠᠬᠠᠪᠤᠳ ᠤᠨ ᠡᠷᠡᠬᠦᠯ ᠮᠡᠨᠳᠦ ᠵᠢᠴᠢ ᠬᠠᠤᠯᠢ ᠶᠤᠰᠤᠨ ᠤ ᠡᠷᠬᠡ ᠠᠰᠢᠭ ᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠬᠦ ᠶᠢᠨ ᠬᠠᠮᠳᠤ ᠰᠠᠶᠢᠳᠤᠷ ᠬᠠᠮᠠᠭᠠᠯᠠᠬᠤ ᠶᠢ ᠬᠦᠰᠡᠵᠥ ᠪᠠᠶᠢᠨ᠎ᠠ᠃ ᠳᠤᠮᠳᠠᠳᠤ ᠶᠢᠨ ᠲᠠᠯ᠎ᠠ ᠳᠤᠷᠠᠳᠠᠶ᠎ᠠ ᠡᠮᠦᠨᠡᠳᠦ ᠠᠹᠷᠢᠺᠠ ᠲᠠᠢ ᠬᠠᠮᠳᠦ ᠤᠯᠤᠰ ᠲᠦᠷᠦ ᠶᠢᠨ ᠢᠳᠡᠭᠡᠯᠴᠡᠭᠡ ᠪᠠᠨ ᠨᠡᠮᠡᠭᠳᠡᠬᠦᠯᠵᠦ᠂ ᠲᠤᠰ ᠲᠤᠰ ᠤᠨ ᠭᠤᠤᠯᠯᠠᠬᠤ ᠠᠰᠢᠬ ᠲᠤᠰᠠ ᠳᠤ ᠬᠤᠯᠪᠤᠭᠳᠠᠬᠤ ᠪᠠ ᠴᠢᠬᠤᠯᠠ ᠶᠡᠭᠡ ᠠᠩᠬᠠᠷᠤᠯ ᠲᠠᠯᠪᠢᠵᠦ ᠪᠠᠶᠢᠭ᠎ᠠ ᠠᠰᠠᠭᠤᠳᠠᠯ ᠤᠨ ᠲᠠᠯ᠎ᠠ ᠪᠠᠷ ᠬᠠᠷᠢᠯᠴᠠᠨ ᠤᠶᠢᠯᠠᠭᠠᠯᠴᠠᠵᠦ᠂ ᠬᠠᠷᠢᠯᠴᠠᠨ ᠳᠡᠮᠵᠢᠯᠴᠡᠵᠦ᠂ ᠬᠤᠶᠠᠷ ᠲᠠᠯ᠎ᠠ ᠶᠢᠨ ᠬᠠᠮᠳᠤᠷᠠᠯᠴᠠᠭ᠎ᠠ ᠢᠳᠡᠪᠬᠢᠳᠠᠢ ᠠᠬᠢᠯᠳᠠ ᠤᠯᠬᠤ ᠶᠢ ᠠᠬᠢᠭᠤᠯᠤᠨ᠂ ᠠᠯᠳᠠᠨ ᠲᠤᠭᠤᠰᠬ᠎ᠠ ᠤᠯᠤᠰ ᠤᠳ᠂ ᠬᠤᠷᠢᠨ ᠤᠯᠤᠰ ᠤᠨ ᠪᠦᠯᠦᠭᠯᠡᠯ ᠵᠡᠷᠭᠡ ᠪᠤᠷᠤ ᠲᠦᠯᠦᠪ ᠳᠤᠳᠤᠷᠠᠬᠢ ᠬᠠᠮᠳᠤᠷᠠᠯᠴᠠᠭ᠎ᠠ ᠶᠢ ᠴᠢᠩᠭᠠᠳᠬᠠᠨ᠎ᠠ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠪᠤᠯᠤᠨ ᠠᠹᠷᠢᠺᠠ ᠲᠢᠪ ᠪᠤᠯ ᠵᠤᠪᠠᠯ ᠵᠦᠳᠡᠬᠦᠷᠢ ᠪᠠᠨ ᠬᠠᠮᠳᠤᠳᠬᠠᠬᠰᠠᠨ ᠰᠠᠶᠢᠨ ᠠᠬ᠎ᠠ ᠳᠡᠬᠦᠦ ᠶᠤᠮ᠃ ᠳᠤᠮᠳᠠᠳᠤ ᠶᠢᠨ ᠲᠠᠯ᠎ᠠ ᠠᠹᠷᠢᠺᠠ ᠲᠢᠪ ᠤᠨ ᠬᠢᠵᠢᠭ ᠤᠨ ᠪᠠᠶᠢᠳᠠᠯ ᠤᠨ ᠬᠠᠨᠳᠤᠰᠢ ᠶᠢ ᠨᠢᠬᠳᠠ ᠠᠩᠬᠠᠷᠴᠦ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠪᠠ ᠪᠤᠢ ᠪᠦᠬᠦᠢ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ ᠤᠯᠤᠰ ᠲᠤ ᠪᠦᠯᠦᠭ ᠬᠤᠪᠢᠶᠠᠨ ᠬᠢᠵᠢᠭ ᠲᠠᠢ ᠲᠡᠮᠡᠴᠡᠬᠦ ᠡᠳ᠋ ᠪᠤᠳᠠᠰ ᠤᠨ ᠲᠤᠰᠠᠯᠠᠮᠵᠢ ᠬᠠᠩᠭᠠᠵᠦ᠂ ᠬᠤᠶᠠᠷ ᠲᠠᠯ᠎ᠠ ᠶᠢᠨ ᠲᠤᠰᠬᠠᠢ ᠮᠡᠷᠭᠡᠵᠢᠯᠳᠠᠳ ᠤᠯᠠᠨ ᠤᠳᠠᠭ᠎ᠠ ᠸᠢᠳᠢᠣ᠋ ᠪᠠᠷ ᠰᠠᠨᠠᠯ ᠢᠶᠠᠨ ᠰᠤᠯᠢᠯᠴᠠᠨ᠂ ᠮᠠᠰᠢ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ᠂ ᠤᠷᠤᠨ ᠨᠤᠳᠤᠭ᠂ ᠠᠷᠠᠳ ᠤᠨ ᠬᠤᠭᠤᠷᠤᠨᠳᠤᠬᠢ ᠪᠠᠶᠢᠭᠤᠯᠤᠮᠵᠢ ᠴᠦ ᠬᠢᠵᠢᠭ ᠲᠠᠢ ᠲᠡᠮᠡᠴᠡᠬᠦ ᠡᠳ᠋ ᠪᠤᠳᠠᠰ ᠬᠠᠩᠭᠠᠵᠦ ᠢᠳᠡᠪᠬᠢᠳᠠᠢ ᠳᠡᠮᠵᠢᠯᠭᠡ ᠦᠵᠡᠬᠦᠯᠵᠡᠢ᠃ ᠳᠤᠮᠳᠠᠳᠤ ᠶᠢᠨ ᠲᠠᠯ᠎ᠠ ᠳᠤᠷᠠᠳᠠᠶ᠎ᠠ ᠠᠹᠷᠢᠺᠠ ᠲᠢᠪ ᠤᠨ ᠤᠯᠤᠰ ᠤᠳ ᠲᠤ ᠦᠷᠬᠦᠯᠵᠢᠯᠡᠨ ᠳᠡᠮᠵᠢᠯᠭᠡ ᠬᠠᠩᠭᠠᠵᠦ᠂ ᠠᠹᠷᠢᠺᠠ ᠲᠢᠪ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠦᠪ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠦ᠂ ᠳᠤᠮᠳᠠᠳᠤ ᠠᠹᠷᠢᠺᠠ ᠶᠢᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠠᠮᠳᠤᠷᠠᠯᠴᠠᠭ᠎ᠠ ᠪᠠᠨ ᠴᠢᠩᠭᠠᠳᠬᠠᠨ᠂ ᠠᠹᠷᠢᠺᠠ ᠲᠢᠪ ᠢ ᠬᠠᠪᠰᠤᠷᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠬᠦᠯᠦᠨ᠎ᠠ᠃ ᠳᠡᠯᠡᠭᠡᠢ ᠨᠡᠶᠢᠭᠡᠮ ᠢᠶᠠᠷ ᠢᠶᠠᠨ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢᠨ ᠤᠶᠢᠯᠠᠭᠠᠭᠳᠠᠬᠤᠨ ᠢ ᠪᠠᠷᠢᠮᠳᠠᠯᠠᠵᠦ᠂ ᠪᠦᠯᠬᠦᠮᠳᠡᠯ᠂ ᠵᠤᠬᠢᠴᠠᠭᠤᠯᠭ᠎ᠠ᠂ ᠬᠠᠮᠳᠤᠷᠠᠯᠴᠠᠭ᠎ᠠ ᠪᠠᠨ ᠴᠢᠩᠭᠠᠳᠬᠠᠨ᠂ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠶᠢ ᠡᠷᠡᠰ ᠬᠤᠷᠢᠬᠯᠠᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠠᠶ᠎ᠠ ᠮᠠᠬᠠᠪᠤᠳ ᠤᠨ ᠡᠷᠡᠬᠦᠯ ᠮᠡᠨᠳᠦ ᠶᠢ ᠬᠠᠮᠠᠭᠠᠯᠠᠪᠠᠯ ᠵᠤᠬᠢᠨ᠎ᠠ᠃ ᠲᠤᠮᠳᠠᠳᠤ ᠤᠯᠤᠰ ᠲᠤᠷᠠᠳᠠᠶ᠎ᠡ ᠡᠮᠤᠨᠠᠳᠤ ᠠᠹᠷᠢᠺᠠ ᠶᠢᠨ ᠬᠢᠨ ᠲᠠᠢ ᠬᠠᠮᠳᠤ ᠪᠠᠷ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠦᠮᠦᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠠᠷᠭᠠᠴᠠᠭᠠᠬᠤ ᠤᠨᠴᠠᠭᠠᠢ ᠲᠦᠷᠦᠬᠦᠴᠤᠳ ᠤᠨ ᠬᠤᠷᠠᠯ ᠤᠨ ᠬᠤᠯᠪᠤᠬᠳᠠᠯ ᠪᠦᠬᠦᠢ ᠦᠷ᠎ᠡ ᠪᠦᠳᠦᠭᠡᠯ ᠢ ᠰᠠᠶᠢᠳᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠠᠨ ᠤᠯᠤᠰ ᠤᠨ ᠬᠠᠮᠳᠤᠷᠠᠯᠴᠠᠭ᠎ᠠ ᠶᠢ ᠬᠠᠮᠳᠤ ᠪᠠᠷ ᠠᠬᠢᠭᠤᠯᠵᠤ᠂ ᠠᠹᠷᠢᠺᠠ ᠲᠢᠪ ᠪᠤᠯᠤᠨ ᠪᠦᠬᠦ ᠪᠦᠮᠪᠦᠷᠴᠡᠭ ᠤᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠨ᠎ᠡ ᠭᠡᠵᠤ ᠴᠢᠬᠤᠯᠠᠴᠢᠯᠠᠪᠠ᠃     ᠯᠠᠮᠠᠹᠦ᠋ᠰᠠ᠂ ᠲᠤᠮᠳᠠᠳᠤ ᠤᠯᠤᠰ ᠤᠨ ᠠᠪᠤᠬᠰᠡᠨ ᠡᠷᠡᠰ ᠰᠢᠭᠤᠷᠬᠠᠢ ᠬᠦᠴᠤᠳᠠᠢ ᠠᠷᠭ᠎ᠠ ᠬᠡᠮᠵᠢᠶ᠎ᠡ ᠨᠢ ᠨᠢᠭᠡᠨᠳᠠ ᠬᠢᠵᠢᠭ ᠤᠨ ᠪᠠᠶᠢᠳᠠᠯ ᠢ ᠡᠵᠡᠮᠳᠡᠵᠤ᠂ ᠪᠤᠰᠤᠳ ᠤᠯᠤᠰ ᠲᠤ ᠦᠯᠢᠭᠡᠷ ᠲᠠᠭᠤᠷᠢᠶᠠᠯ ᠦᠵᠡᠬᠦᠯᠵᠤ᠂ ᠠᠰᠢᠬᠳᠠᠢ ᠲᠤᠯᠢᠯᠠᠯ ᠬᠠᠨᠭ᠍ᠭᠠᠵᠠᠢ᠃ ᠲᠤᠮᠳᠠᠳᠤ ᠶᠢᠨ ᠲᠠᠯ᠎ᠠ ᠶᠢᠨ ᠤᠷᠳᠤ ᠬᠤᠭᠤᠴᠠᠭᠠᠨ ᠤ ᠲᠤᠷᠰᠢ ᠡᠮᠤᠨᠡᠳᠤ ᠠᠹᠷᠢᠺᠠ ᠪᠤᠯᠤᠨ ᠠᠹᠷᠢᠺᠠ ᠲᠢᠪ ᠲᠤ ᠦᠵᠡᠬᠦᠯᠦᠭᠰᠡᠨ ᠡᠯ᠎ᠡ ᠵᠦᠢᠯ ᠤᠨ ᠲᠠᠮᠵᠢᠯᠭᠡ᠂ ᠢᠯᠠᠩᠭᠤᠶ᠎ᠡ ᠤᠳᠤᠬᠠᠨ ᠤ ᠬᠦᠴᠢᠷᠳᠡᠯᠲᠠᠢ ᠴᠠᠭ ᠮᠦᠴᠡ ᠳᠤ ᠡᠮᠤᠨᠠᠳᠤ ᠠᠹᠷᠢᠺᠠ ᠪᠤᠯᠤᠨ ᠠᠹᠷᠢᠺᠠ ᠲᠢᠪ ᠤᠨ ᠤᠯᠤᠰ ᠤᠳ ᠤᠨ ᠬᠢᠵᠢᠭ ᠲᠠᠢ ᠲᠡᠮᠡᠴᠡᠬᠦ ᠳᠤ ᠦᠵᠡᠬᠦᠯᠦᠭᠰᠡᠨ ᠡᠷᠬᠢᠮ ᠨᠠᠨᠳᠢᠨ ᠲᠤᠰᠠᠯᠠᠮᠵᠢ ᠳᠤ ᠲᠠᠯᠠᠷᠬᠠᠵᠤ ᠪᠠᠶᠢᠨ᠎ᠡ᠂ ᠡᠨᠡ ᠨᠢ ᠡᠮᠤᠨᠠᠳᠤ ᠠᠹᠷᠢᠺᠠ ᠪᠤᠯᠤᠨ ᠠᠹᠷᠢᠺᠠ ᠲᠢᠪ ᠤᠨ ᠤᠯᠤᠰ ᠤᠳ ᠲᠤ ᠮᠠᠰᠢ ᠴᠢᠬᠤᠯᠠ ᠶᠤᠮ᠂ ᠪᠢᠳᠠᠨ ᠤ ᠬᠢᠵᠢᠭ ᠢ ᠲᠠᠶᠢᠯᠠᠨ ᠢᠯᠠᠬᠤ ᠢᠳᠡᠭᠡᠯ ᠵᠤᠷᠢᠭ ᠢ ᠬᠦᠪᠴᠢᠯᠡᠵᠠᠢ᠃ ᠪᠢ ᠲᠤᠷᠠᠳᠠᠶ᠎ᠡ ᠲᠠᠨ ᠲᠠᠢ ᠬᠠᠮᠳᠤ ᠪᠠᠷ᠂ ᠬᠤᠷᠢᠨ ᠤᠯᠤᠰ ᠤᠨ ᠪᠦᠯᠦᠭᠯᠡᠯ ᠤᠨ ᠤᠨᠴᠠᠭᠠᠢ ᠲᠦᠷᠦᠬᠦᠴᠤᠳ ᠤᠨ ᠬᠤᠷᠠᠯ ᠤᠨ ᠬᠠᠮᠳᠤ ᠶᠢᠨ ᠲᠠᠨᠢᠯᠳᠠ ᠶᠢ ᠨᠡᠶᠢᠳᠡᠪᠤᠷᠢᠵᠢᠭᠤᠯᠵᠤ᠂ ᠪᠦᠬᠦ ᠪᠦᠮᠪᠦᠷᠴᠡᠭ ᠤᠨ ᠪᠦᠯᠬᠦᠮᠳᠡᠯ ᠬᠠᠮᠳᠤᠷᠠᠯᠴᠠᠭ᠎ᠠ ᠶᠢ ᠠᠬᠢᠭᠤᠯᠤᠨ᠎ᠡ᠃ ᠡᠮᠤᠨᠠᠳᠤ ᠠᠹᠷᠢᠺᠠ ᠶᠢᠨ ᠬᠢᠨ ᠦᠷᠬᠦᠯᠵᠢᠯᠡᠨ ᠲᠤᠮᠳᠠᠳᠤ ᠤᠯᠤᠰ ᠤᠨ ᠭᠤᠤᠯᠯᠠᠬᠤ ᠠᠰᠢᠭ ᠲᠤᠰᠠ ᠲᠠᠢ ᠬᠤᠯᠪᠤᠬᠳᠠᠬᠰᠡᠨ ᠠᠰᠠᠭᠤᠳᠠᠯ ᠲᠡᠭᠡᠷ᠎ᠡ ᠦᠷᠬᠦᠯᠵᠢᠯᠡᠨ ᠲᠤᠮᠳᠠᠳᠤ ᠤᠯᠤᠰ ᠢ ᠲᠠᠮᠵᠢᠵᠤ᠂ ᠡᠮᠤᠨᠠᠳᠤ ᠠᠹᠷᠢᠺᠠ ᠪᠤᠯᠤᠨ ᠲᠤᠮᠳᠠᠳᠤ ᠤᠯᠤᠰ᠂ ᠠᠹᠷᠢᠺᠠ ᠲᠢᠪ ᠪᠤᠯᠤᠨ ᠲᠤᠮᠳᠠᠳᠤ ᠤᠯᠤᠰ ᠤᠨ ᠬᠠᠷᠢᠯᠴᠠᠭ᠎ᠠ ᠶᠢᠨ ᠬᠦᠭᠵᠢᠯᠳᠠ ᠶᠢ ᠡᠷᠡᠰ ᠠᠬᠢᠭᠤᠯᠤᠨ᠎ᠡ ᠭᠡᠵᠤ ᠢᠯᠡᠳᠭᠡᠪᠡ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号