ᠰᠢ ᠶᠢᠨ ᠫᠢᠩ ᠲᠦᠷᠺ ᠤᠨ ᠶᠡᠷᠤᠩᠬᠡᠶᠢᠯᠡᠭᠴᠢ ᠠᠶᠢᠷᠳᠣ᠋ ᠊ ᠠᠨ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-04-10
     ᠤᠯᠤᠰ ᠤᠨ ᠲᠡᠷᠢᠬᠦᠯᠡᠭᠴᠢ ᠰᠢ ᠶᠢᠨ ᠫᠢᠩ 8 ᠤ ᠤᠷᠤᠢ ᠲᠦᠷᠺ ᠤᠨ ᠶᠡᠷᠤᠩᠬᠡᠶᠢᠯᠡᠭᠴᠢ ᠠᠶᠢᠷᠳᠣ᠋ ᠊ ᠠᠨ ᠲᠠᠢ ᠤᠳᠠᠰᠤ ᠪᠠᠷ ᠶᠠᠷᠢᠯᠴᠠᠪᠠ᠃      ᠰᠢ ᠶᠢᠨ ᠫᠢᠩ᠂ ᠤᠳᠤᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠦᠮᠪᠦᠷᠴᠡᠭ ᠲᠤ ᠲᠠᠷᠬᠠᠨ ᠲᠡᠯᠬᠡᠷᠡᠵᠥ᠂ ᠲᠦᠷᠺ ᠴᠦ ᠬᠦᠨᠳᠤ ᠨᠤᠴᠢᠳᠠᠢ ᠦᠷᠢᠰᠤᠯᠳᠦᠬᠡᠨ ᠳᠤ ᠲᠤᠯᠭᠠᠷᠠᠵᠥ ᠪᠠᠶᠢᠨ᠎ᠠ ᠂ ᠪᠢ ᠲᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠤ ᠡᠮᠤᠨ᠎ᠡ ᠠᠴᠠ ᠲᠦᠷᠺ ᠤᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠢ ᠴᠢᠩ ᠦᠨᠡᠨᠴᠢ ᠪᠠᠷ ᠲᠤᠬᠤᠨᠢᠭᠤᠯᠵᠥ ᠪᠠᠶᠢᠬᠤ ᠪᠠ ᠡᠷᠡᠰ ᠲᠡᠮᠵᠢᠵᠥ ᠪᠠᠶᠢᠬᠤ ᠪᠠᠨ ᠢᠯᠡᠳᠬᠡᠶ᠎ᠡ᠃ ᠬᠠᠳᠠᠭᠤᠵᠢᠯᠳᠠᠢ ᠭᠠᠷᠮᠠᠭᠠᠢ ᠴᠢᠷᠮᠡᠶᠢᠯᠭ᠎ᠠ ᠪᠠᠷ᠂ ᠲᠤᠮᠳᠠᠳᠤ ᠤᠯᠤᠰ ᠤᠨ ᠠᠷᠠᠳ ᠲᠦᠮᠡᠨ ᠬᠠᠮᠤᠭ ᠤᠨ ᠬᠦᠴᠢᠷ ᠪᠡᠷᠬᠡᠰᠢᠶᠡᠯ ᠲᠠᠢ ᠴᠠᠭ ᠬᠤᠭᠤᠴᠠᠭ᠎ᠠ ᠶᠢ ᠲᠤᠭᠤᠯᠵᠥ᠂ ᠤᠳᠤ ᠶᠠᠭ ᠦᠢᠯᠡᠳᠪᠤᠷᠢᠯᠡᠯ ᠠᠮᠢᠳᠤᠷᠠᠯ ᠤᠨ ᠡᠮᠬᠢ ᠲᠢᠭᠯᠢᠮ ᠢᠶᠠᠨ ᠲᠦᠷᠬᠡᠨ ᠰᠡᠷᠬᠦᠬᠡᠵᠥ ᠪᠠᠶᠢᠨ᠎ᠠ᠃ ᠪᠢᠳᠡ ᠡᠮᠴᠢᠯᠡᠬᠡᠨ ᠢᠶᠠᠷ ᠬᠢᠵᠢᠭ ᠢ ᠰᠡᠷᠬᠡᠶᠢᠯᠡᠬᠦ ᠡᠳ᠋ ᠪᠤᠳᠠᠰ ᠤᠨ ᠦᠢᠯᠡᠳᠪᠤᠷᠢᠯᠡᠯ ᠤᠨ ᠴᠢᠳᠠᠪᠤᠷᠢ ᠪᠠᠨ ᠲᠡᠭᠡᠭᠰᠢᠯᠡᠬᠦᠯᠬᠦ ᠶᠢ ᠴᠢᠬᠤᠯᠠᠴᠢᠯᠠᠨ ᠦᠵᠡᠵᠥ᠂ ᠪᠦᠬᠦ ᠪᠦᠮᠪᠦᠷᠴᠡᠭ ᠤᠨ ᠬᠢᠵᠢᠭ ᠲᠠᠢ ᠲᠡᠮᠡᠴᠡᠬᠦ ᠳᠤ ᠠᠯᠢ ᠴᠢᠳᠠᠬᠤ ᠪᠠᠷ ᠤᠯᠠᠨ ᠡᠳ᠋ ᠪᠤᠳᠠᠰ ᠤᠨ ᠪᠠᠳᠤᠯᠠᠭ᠎ᠠ ᠬᠠᠩᠭᠠᠨ᠎ᠠ᠃ ᠲᠤᠮᠳᠠᠳᠤ ᠤᠯᠤᠰ ᠲᠦᠷᠺ ᠤᠨ ᠬᠢᠨ ᠳᠤ ᠬᠢᠵᠢᠭ ᠲᠠᠢ ᠲᠡᠮᠡᠴᠡᠬᠦ ᠡᠳ᠋ ᠪᠤᠳᠠᠰ ᠤᠨ ᠲᠤᠰᠠᠯᠠᠮᠵᠢ ᠬᠠᠩᠭᠠᠭᠰᠠᠠ ᠪᠦᠬᠡᠳ ᠬᠤᠶᠠᠷ ᠤᠯᠤᠰ ᠤᠨ ᠡᠮ ᠡᠮᠨᠡᠯᠬᠡ ᠡᠷᠡᠬᠦᠯ ᠬᠠᠮᠠᠭᠠᠯᠠᠯ ᠤᠨ ᠲᠤᠰᠬᠠᠢ ᠮᠡᠷᠬᠡᠵᠢᠯᠳᠡᠨ ᠢ ᠲᠤᠬᠢᠷᠠᠭᠤᠯᠤᠨ ᠸᠢᠳᠢᠣ᠋ ᠪᠠᠷ ᠰᠠᠨᠠᠯ ᠢᠶᠠᠨ ᠰᠤᠯᠢᠯᠴᠠᠵᠥ᠂ ᠬᠢᠵᠢᠭ ᠲᠠᠢ ᠲᠡᠮᠡᠴᠡᠭᠰᠡᠡ ᠲᠤᠷᠰᠢᠯᠭ᠎ᠠ ᠪᠠᠨ ᠬᠤᠪᠢᠶᠠᠯᠴᠠᠪᠠ ᠃ ᠲᠤᠮᠳᠠᠳᠤ ᠤᠯᠤᠰ ᠲᠤᠷᠠᠳᠠᠶ᠎ᠠ ᠲᠦᠷᠺ ᠤᠨ ᠬᠡᠷᠡᠭᠴᠡᠭᠡ ᠶᠢ ᠦᠨᠳᠦᠰᠦᠯᠡᠵᠥ ᠪᠠᠶᠢᠭᠠᠳ ᠲᠦᠷᠺ ᠤᠨ ᠬᠢᠨ ᠤ ᠬᠢᠵᠢᠭ ᠲᠠᠢ ᠲᠡᠮᠡᠴᠡᠬᠦ ᠳᠤ ᠦᠷᠬᠦᠯᠵᠢᠯᠡᠨ ᠬᠠᠪᠰᠤᠷᠤᠯᠭ᠎ᠠ ᠬᠠᠩᠭᠠᠬᠤ ᠪᠦᠬᠡᠳ ᠲᠦᠷᠺ ᠤᠨ ᠬᠢᠨ ᠤ ᠲᠤᠮᠳᠠᠳᠤ ᠤᠯᠤᠰ ᠠᠴᠠ ᠡᠮᠴᠢᠯᠡᠬᠡᠨ ᠤ ᠡᠳ᠋ ᠪᠤᠳᠠᠰ ᠬᠤᠳᠠᠯᠳᠤᠨ ᠠᠪᠬᠤ ᠳᠤ ᠬᠠᠪᠰᠤᠷᠤᠯᠭ᠎ᠠ ᠪᠤᠯᠤᠨ ᠲᠦᠬᠦᠮ ᠦᠵᠡᠬᠦᠯᠤᠨ᠎ᠠ ᠃ ᠶᠡᠷᠤᠩᠬᠡᠶᠢᠯᠡᠭᠴᠢ ᠠᠪᠤᠭᠠᠢ ᠶᠢᠨ ᠤᠳᠤᠷᠢᠳᠤᠯᠭ᠎ᠠ ᠲᠤᠤᠷ᠎ᠡ᠂ ᠲᠦᠷᠺ ᠤᠨ ᠬᠢᠨ ᠬᠢᠵᠢᠭ ᠢ ᠯᠠᠪᠳᠠᠢ ᠲᠠᠷᠤᠵᠤ ᠴᠢᠳᠠᠨ᠎ᠡ ᠬᠡᠳᠡᠭ ᠢ ᠢᠳᠡᠬᠡᠵᠥ ᠪᠠᠶᠢᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠸᠢᠷᠦ᠋ᠰ ᠲᠤ ᠤᠯᠤᠰ ᠤᠨ ᠵᠠᠭᠠᠭ ᠭᠡᠵᠤ ᠪᠠᠶᠢᠬᠤ ᠦᠭᠡᠢ᠂ ᠦᠨᠳᠤᠰᠤᠳᠡᠨ ᠶᠠᠰᠤᠳᠠᠨ ᠢ ᠢᠯᠭᠠᠬᠤ ᠦᠭᠡᠢ᠂ ᠲᠡᠯᠡᠭᠡᠢ ᠨᠡᠶᠢᠭᠡᠮ ᠤᠨ ᠬᠢᠨ ᠭᠠᠭᠴᠠ ᠬᠦ ᠬᠠᠮᠳᠤᠷᠠᠯ ᠬᠦᠴᠤᠨ ᠢ ᠪᠦᠷᠢᠯᠳᠦᠬᠦᠯᠪᠡᠯ ᠰᠠᠶᠢ ᠲᠡᠭᠦᠨ ᠢ ᠲᠠᠷᠤᠵᠤ ᠴᠢᠳᠠᠨ᠎ᠡ᠃ ᠲᠤᠮᠳᠠᠳᠤ ᠲᠦᠷᠺ ᠬᠤᠶᠠᠷ ᠲᠠᠯ᠎ᠡ ᠪᠠᠷ ᠢᠶᠠᠨ ᠨᠢᠬᠳᠠ ᠬᠠᠮᠳᠤᠷᠠᠯᠴᠠᠵᠤ᠂ ᠵᠤᠬᠢᠴᠠᠭᠤᠯᠭ᠎ᠠ ᠪᠠᠨ ᠴᠢᠩᠭᠠᠳᠬᠠᠵᠤ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠦᠮᠦᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠠᠷᠭᠠᠴᠠᠭᠠᠬᠤ ᠤᠨᠴᠠᠭᠠᠢ ᠲᠦᠷᠦᠬᠦᠴᠤᠳ ᠤᠨ ᠬᠤᠷᠠᠯ ᠤᠨ ᠬᠠᠮᠳᠤ ᠶᠢᠨ ᠲᠠᠨᠢᠯᠳᠠ ᠶᠢ ᠨᠠᠶᠢᠳᠠᠪᠤᠷᠢᠵᠢᠭᠤᠯᠵᠤ᠂ ᠤᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠳᠤ ᠬᠠᠮᠳᠤ ᠪᠠᠷ ᠬᠦᠴᠤᠨ ᠴᠢᠳᠠᠯ ᠢᠶᠠᠨ ᠬᠠᠨᠳᠢᠪᠯᠡᠶ᠎ᠡ᠃ ᠬᠤᠶᠠᠷ ᠤᠯᠤᠰ ᠢᠶᠠᠷ ᠢᠶᠠᠨ ᠭᠠᠷ ᠬᠤᠯᠪᠤᠨ ᠴᠢᠷᠮᠠᠶᠢᠵᠤ᠂ ᠤᠯᠤᠰ ᠲᠦᠷᠦ ᠶᠢᠨ ᠢᠳᠡᠭᠡᠯᠴᠡᠭᠡ ᠪᠠᠨ ᠨᠡᠮᠡᠭᠳᠡᠬᠦᠯᠵᠤ᠂ ᠢᠯᠠᠩᠭᠤᠶ᠎ᠡ ᠲᠤᠰ ᠲᠤᠰ ᠤᠨ ᠭᠤᠤᠯᠯᠠᠬᠤ ᠠᠰᠢᠭ ᠲᠤᠰᠠ ᠪᠤᠯᠤᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠲᠡᠭᠡᠷ᠎ᠡ ᠬᠠᠷᠢᠯᠴᠠᠨ ᠤᠶᠢᠯᠠᠭᠠᠵᠤ᠂ ᠬᠠᠷᠢᠯᠴᠠᠨ ᠲᠠᠮᠵᠢᠵᠤ᠂ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠵᠤᠯᠭᠠᠯᠴᠠᠭ᠎ᠠ ᠪᠠᠨ ᠴᠢᠩᠭᠠᠳᠬᠠᠵᠤ᠂ ᠡᠯ᠎ᠡ ᠬᠦᠷᠢᠶᠠᠨ ᠳᠠᠬᠢ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠪᠠᠨ ᠬᠦᠨᠵᠡᠭᠡᠶᠢᠷᠠᠬᠦᠯᠵᠤ᠂ ᠬᠤᠶᠠᠷ ᠲᠠᠯ᠎ᠡ ᠶᠢᠨ ᠬᠠᠷᠢᠯᠴᠠᠭ᠎ᠠ ᠶᠢᠨ ᠲᠠᠬᠢᠨ ᠰᠢᠨ᠎ᠡ ᠲᠡᠭᠳᠡᠷ ᠲᠤ ᠭᠠᠷᠬᠤ ᠶᠢ ᠠᠬᠢᠭᠤᠯᠤᠶ᠎ᠡ ᠭᠡᠵᠤ ᠴᠢᠬᠤᠯᠠᠴᠢᠯᠠᠪᠠ᠃      ᠠᠶᠢᠷᠳᠣ᠋ ᠊ ᠠᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠪᠤᠯ ᠬᠦᠮᠦᠨ ᠲᠦᠷᠦᠯᠬᠢᠳᠠᠨ ᠳᠤ ᠲᠤᠯᠭᠠᠷᠠᠵᠤ ᠪᠠᠶᠢᠭ᠎ᠠ ᠬᠠᠮᠳᠤ ᠶᠢᠨ ᠲᠠᠶᠢᠨ ᠪᠤᠯᠤᠨ᠎ᠡ᠃ ᠲᠤᠮᠳᠠᠳᠤ ᠤᠯᠤᠰ ᠤᠨ ᠠᠷᠠᠳ ᠲᠦᠮᠡᠨ ᠡᠷᠡᠯᠭᠡᠭᠯᠡᠨ ᠲᠠᠮᠠᠴᠡᠬᠦ ᠪᠠᠷ ᠲᠠᠮᠵᠢᠵᠤ ᠬᠢᠵᠢᠭ ᠢ ᠢᠯᠡᠵᠤ᠂ ᠲᠠᠯᠠᠭᠡᠢ ᠳ᠋ᠠᠬᠢᠨ ᠳᠤ ᠦᠯᠢᠭᠡᠷ ᠲᠠᠭᠤᠷᠢᠶᠠᠯ ᠦᠵᠡᠬᠦᠯᠪᠡ᠃ ᠲᠤᠮᠳᠠᠳᠤ ᠤᠯᠤᠰ ᠪᠦᠬᠦ ᠬᠦᠴᠤᠨ ᠢᠶᠠᠷ ᠢᠶᠠᠨ ᠲᠠᠯᠠᠭᠡᠢ ᠳ᠋ᠠᠬᠢᠨ ᠳᠤ ᠡᠮᠴᠢᠯᠡᠭᠡᠨ ᠢᠶᠠᠷ ᠬᠢᠵᠢᠭ ᠲᠠᠢ ᠲᠡᠮᠡᠴᠡᠬᠦ ᠡᠳ᠋ ᠪᠤᠳᠠᠰ ᠦᠢᠯᠡᠳᠪᠤᠷᠢᠯᠡᠵᠤ᠂ ᠲᠡᠯᠡᠭᠡᠢ ᠳ᠋ᠠᠬᠢᠨ ᠳᠤ ᠯᠤᠳᠤ ᠶᠡᠭᠡ ᠵᠤᠷᠢᠬᠵᠢᠭᠤᠯᠤᠯ ᠪᠤᠯᠪᠠ᠃ ᠲᠦᠷᠺ ᠲᠤᠮᠳᠠᠳᠤ ᠬᠤᠶᠠᠷ ᠤᠯᠤᠰ ᠤᠨ ᠠᠷᠠᠳ ᠲᠦᠮᠡᠨ ᠬᠠᠷᠢᠯᠴᠠᠨ ᠲᠠᠮᠵᠢᠵᠤ᠂ ᠨᠦᠬᠦᠷᠯᠡᠯ ᠶᠠᠪᠤᠬᠤ ᠲᠤᠳᠤᠮ ᠪᠠᠬᠢᠵᠢᠪᠠ᠃ ᠲᠤᠮᠳᠠᠳᠤ ᠶᠢᠨ ᠲᠠᠯ᠎ᠡ ᠶᠢᠨ ᠲᠦᠷᠺ ᠤᠨ ᠬᠢᠨ ᠤ ᠬᠢᠵᠢᠭ ᠲᠠᠢ ᠲᠡᠮᠡᠴᠡᠬᠦ ᠳᠤ ᠲᠠᠮᠵᠢᠯᠭᠡ ᠦᠵᠡᠬᠦᠯᠦᠭᠰᠡᠨ ᠪᠦᠭᠡᠳ ᠲᠦᠷᠺ ᠤᠨ ᠬᠢᠨ ᠤ ᠲᠤᠮᠳᠠᠳᠤ ᠤᠯᠤᠰ ᠠᠴᠠ ᠡᠮᠴᠢᠯᠡᠭᠡᠨ ᠤ ᠡᠳ᠋ ᠪᠤᠳᠠᠰ ᠬᠤᠳᠠᠯᠳᠤᠨ ᠠᠪᠬᠤ ᠳᠤ ᠲᠦᠬᠦᠮ ᠦᠵᠡᠬᠦᠯᠦᠭᠰᠡᠨ ᠳᠤ ᠲᠠᠯᠠᠷᠬᠠᠵᠤ ᠪᠠᠶᠢᠨ᠎ᠡ᠃ ᠲᠦᠷᠺ ᠤᠨ ᠬᠢᠨ ᠲᠤᠮᠳᠠᠳᠤ ᠤᠯᠤᠰ ᠯᠤᠭ᠎ᠠ ᠠᠷᠠᠯᠵᠢᠶ᠎ᠡ᠂ ᠮᠦᠡᠭᠭᠦᠨ ᠬᠦᠢᠯᠭᠡᠭᠡᠨ᠂ ᠠᠭᠠᠷ ᠤᠨ ᠠᠶᠠᠯᠠᠯ ᠵᠡᠷᠭᠡ ᠬᠦᠷᠢᠶᠠᠨ ᠳᠠᠬᠢ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠤ ᠪᠠᠶᠢᠨ᠎ᠡ᠃ ᠬᠢᠵᠢᠭ ᠤᠨ ᠪᠠᠶᠢᠳᠠᠯ ᠦᠡᠭᠭᠡᠷᠡᠭᠰᠡᠨ ᠤ ᠲᠠᠷᠠᠭ᠎ᠠ ᠲᠤᠮᠳᠠᠳᠤ ᠤᠯᠤᠰ ᠨᠡᠩ ᠴᠡᠴᠡᠭᠯᠡᠨ ᠬᠦᠭᠵᠢᠵᠤ᠂ ᠠᠷᠠᠳ ᠲᠦᠮᠡᠨ ᠨᠡᠩ ᠵᠤᠯ ᠵᠢᠷᠭᠠᠯ ᠲᠠᠢ ᠪᠠᠶᠢᠬᠤ ᠶᠢ ᠬᠦᠰᠡᠨ ᠵᠦᠡᠭᠨᠡᠵᠤ ᠪᠠᠶᠢᠨ᠎ᠡ ᠭᠡᠵᠤ ᠢᠯᠡᠳᠭᠡᠪᠡ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号