ᠨᠠᠮ ᠤᠨ ᠲᠦᠪ ᠬᠤᠷᠢᠶᠠᠨ ᠤ ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 4 ᠰᠠᠷ᠎ᠠ ᠶᠢᠨ 8 ᠤ ᠡᠳᠤᠷ ᠦᠬᠠᠨ ᠤ ᠳ᠋ᠦᠩ ᠬᠤ᠋ ᠰᠢᠨ | ᠴᠧᠩ ᠨᠡᠶᠢᠬᠡᠮ ᠲᠤᠭᠤᠷᠢᠬ ᠤᠨ ᠪᠦᠬᠦ ᠨᠡᠶᠢᠬᠡᠮ ᠲᠤᠭᠤᠷᠢᠬ ᠤᠨ ᠠᠵᠢᠯᠳᠠᠨ ᠳᠤ ᠬᠠᠷᠢᠭᠤ ᠵᠠᠬᠢᠳᠠᠯ ᠢᠯᠡᠬᠡᠵᠤ᠂ | ᠬᠤᠳᠠ ᠬᠦᠳᠡᠭᠡ ᠶᠢᠨ ᠦᠷᠬᠡᠨ ᠤᠯᠠᠨ ᠨᠡᠶᠢᠬᠡᠮ ᠲᠤᠭᠤᠷᠢᠬ ᠤᠨ ᠠᠵᠢᠯᠳᠠᠨ ᠤ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠲᠡᠮᠡᠴᠡᠯ ᠳᠤ ᠪᠠᠳᠠᠷᠠᠭᠤᠯᠤᠬᠰᠠᠨ ᠴᠢᠬᠤᠯᠠ ᠤᠢᠢᠯᠡᠳᠤᠯ ᠢ ᠲᠠᠬᠢᠨᠳᠠ ᠨᠤᠳᠠᠯᠠᠵᠤ᠂ ᠲᠡᠳᠡᠨ ᠢ ᠴᠢᠩ | ᠰᠡᠳᠬᠢᠯ ᠠᠴᠠ ᠪᠠᠨ ᠲᠤᠬᠤᠨᠢᠭᠤᠯᠬᠤ ᠶᠢᠨ ᠬᠠᠮᠳᠦ ᠲᠡᠳᠡᠨ ᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ | ᠠᠷᠠᠳ ᠤᠨ ᠲᠠᠶᠢᠨ᠂ ᠶᠠᠷᠤᠩᠬᠡᠢ ᠲᠠᠶᠢᠯᠠᠯᠳᠤᠭᠠᠨ᠂ ᠬᠤᠷᠢᠬᠯᠠᠯᠲᠠ ᠶᠢᠨ ᠲᠠᠶᠢᠯᠠᠯᠳᠤᠭᠠᠨ ᠤ ᠪᠦᠷᠢᠨ ᠢᠯᠠᠯᠳᠠ ᠶᠢ | ᠤᠯᠬᠤ ᠳᠤ ᠲᠠᠬᠢᠨ ᠰᠢᠨ᠎ᠠ ᠬᠤᠪᠢ ᠨᠡᠮᠡᠷᠢ ᠦᠵᠡᠭᠦᠯᠦᠭᠡᠷᠡᠢ ᠭᠡᠵᠦ ᠵᠤᠷᠢᠭᠵᠢᠭᠤᠯᠪᠠ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠪᠢ ᠦᠬᠠᠨ ᠠᠴᠠ ᠪᠤᠴᠠᠵᠤ ᠢᠷᠡᠭᠰᠡᠨ ᠤ ᠲᠠᠷᠠᠭ᠎ᠠ᠂ ᠦᠬᠠᠨ ᠤ | ᠦᠷᠬᠡᠨ ᠤᠯᠠᠨ ᠺᠠᠳ᠋ᠷ ᠤᠯᠠᠨ ᠲᠦᠮᠡᠨ ᠤ ᠲᠦᠯᠦᠭᠡ ᠰᠠᠨᠠᠭᠠᠰᠢᠷᠠᠭᠰᠠᠭᠠᠷ ᠪᠠᠶᠢᠨ᠎ᠠ᠂ ᠲᠠᠨ ᠤ ᠨᠡᠶᠢᠬᠡᠮ ᠲᠤᠭᠤᠷᠢᠬ ᠢ | ᠪᠠᠭᠳᠠᠭᠠᠬᠰᠠᠨ ᠦᠬᠠᠨ ᠤ ᠡᠯ᠎ᠠ ᠨᠡᠶᠢᠬᠡᠮ ᠲᠤᠭᠤᠷᠢᠬ ᠤᠨ ᠠᠮᠢᠳᠤᠷᠠᠯ ᠠᠭᠠᠵᠢᠮ ᠢᠶᠠᠷ ᠬᠡᠪ ᠤᠨ ᠪᠠᠶᠢᠳᠠᠯ ᠢᠶᠠᠨ | ᠰᠡᠷᠬᠦᠭᠡᠵᠦ ᠪᠠᠶᠢᠬᠤ ᠳᠤ ᠪᠢ ᠮᠠᠰᠢ ᠪᠠᠶᠠᠷᠯᠠᠵᠤ ᠪᠠᠶᠢᠨ᠎ᠠ ᠬᠡᠵᠤ ᠬᠡᠯᠡᠪᠡ᠃ | ᠰᠢ ᠶᠢᠨ ᠫᠢᠩ᠂ ᠡᠨᠡ ᠤᠳᠠᠭ᠎ᠠ ᠶᠢᠨ ᠤᠷᠢᠳ ᠡᠮᠤᠨ᠎ᠠ ᠭᠠᠷᠤᠭ᠎ᠠ ᠥᠬᠡᠢ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠲᠡᠮᠡᠴᠡᠯ ᠳᠤ᠂ ᠬᠤᠳᠠ ᠬᠦᠳᠡᠭᠡ ᠶᠢᠨ ᠦᠷᠭᠡᠨ ᠤᠯᠠᠨ ᠨᠡᠶᠢᠬᠡᠮ ᠲᠤᠭᠤᠷᠢᠬ ᠤᠨ ᠠᠵᠢᠯᠳᠠᠨ ᠨᠡᠶᠢᠬᠡᠮ | ᠲᠤᠭᠤᠷᠢᠬ ᠤᠨ ᠰᠡᠷᠬᠡᠶᠢᠯᠡᠨ ᠡᠵᠡᠮᠳᠡᠬᠦ ᠠᠵᠢᠯ ᠳᠤ ᠤᠷᠤᠯᠴᠠᠭᠰᠠᠨ ᠡᠯ᠎ᠠ ᠲᠠᠯ᠎ᠠ ᠶᠢᠨ ᠬᠦᠮᠤᠰ ᠲᠠᠢ ᠬᠠᠮᠳᠤ ᠪᠠᠷ | ᠠᠶᠤᠯ ᠲᠦᠭᠰᠢᠬᠦᠷᠢ ᠠᠴᠠ ᠠᠶᠤᠬᠤ ᠦᠬᠡᠢ ᠪᠦᠯᠬᠦᠮᠳᠡᠨ ᠲᠡᠮᠡᠴᠡᠵᠤ ᠢᠯᠠᠩᠭᠤᠶ᠎ᠠ ᠦᠷᠬᠡᠨ ᠤᠯᠠᠨ ᠨᠠᠮ ᠤᠨ | ᠬᠡᠰᠢᠬᠦᠨ᠂ ᠺᠠᠳ᠋ᠷ ᠪᠠᠶ᠎ᠠ ᠪᠠᠷ ᠢᠶᠠᠨ ᠬᠡᠪ ᠲᠠᠭᠤᠷᠢᠶᠠᠯ ᠪᠤᠯᠵᠤ᠂ ᠬᠤᠰᠢᠭᠤᠴᠢᠯᠠᠨ ᠤᠷᠤᠵᠤ᠂ ᠬᠤᠯᠪᠤᠭᠠᠯᠠᠨ | ᠰᠡᠷᠬᠡᠶᠢᠯᠡᠵᠤ ᠬᠤᠯᠪᠤᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠬᠡᠶᠢᠯᠡᠵᠤ ᠤᠯᠠᠨ ᠢᠶᠠᠷ ᠢᠶᠠᠨ ᠡᠵᠡᠮᠳᠡᠬᠦ ᠬᠦᠴᠦᠷᠭᠡᠭ | ᠬᠦᠴᠤᠨ ᠢ ᠪᠦᠷᠢᠯᠳᠤᠬᠦᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠠᠳ ᠤᠨ ᠲᠠᠶᠢᠨ ᠤ ᠢᠯᠠᠯᠳᠠ ᠶᠢ | ᠤᠯᠬᠤ ᠠᠤᠭ᠎ᠠ ᠬᠦᠴᠤᠨ ᠢ ᠬᠦᠢᠴᠡᠳ ᠭᠠᠶᠢᠬᠠᠭᠤᠯᠤᠬᠰᠠᠨ ᠪᠠᠶᠢᠨ᠎ᠠ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠤᠳᠤ ᠦᠬᠠᠨ ᠠᠴᠠ ᠭᠠᠷᠬᠤ ᠬᠤᠪᠸᠢ ᠠᠴᠠ ᠭᠠᠷᠬᠤ ᠵᠠᠮ ᠢ ᠬᠠᠮᠢᠶᠠᠷᠤᠨ ᠡᠵᠡᠮᠳᠡᠬᠦ ᠠᠷᠭ᠎ᠠ | ᠭᠡᠮᠵᠢᠶ᠎ᠠ ᠶᠢ ᠬᠦᠴᠤᠨ ᠦᠬᠡᠢ ᠪᠤᠯᠭᠠᠪᠠ᠂ ᠬᠡᠪᠡᠴᠤ ᠰᠡᠷᠬᠡᠶᠢᠯᠡᠨ ᠡᠵᠡᠮᠳᠡᠬᠦ ᠡᠬᠦᠷᠬᠡ ᠶᠢ ᠰᠤᠯᠠᠷᠠᠭᠤᠯᠵᠤ ᠪᠤᠯᠬᠤ | ᠦᠬᠡᠢ᠃ ᠨᠡᠶᠢᠬᠡᠮ ᠲᠤᠭᠤᠷᠢᠬ ᠨᠢ ᠮᠦᠨ ᠯᠠ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠵᠦ᠂ | ᠳᠤᠳᠤᠭᠠᠳᠤ ᠳᠠᠭᠠᠨ ᠲᠠᠬᠢᠨ ᠬᠠᠯᠳᠠᠪᠤᠷᠢᠯᠠᠬᠤ ᠶᠢ ᠰᠡᠷᠬᠡᠶᠢᠯᠡᠬᠦ ᠴᠢᠬᠤᠯᠠ ᠰᠡᠷᠭᠡᠶᠢᠯᠡᠯᠳᠠ ᠶᠢᠨ ᠱᠤᠭᠤᠮ ᠪᠤᠯᠵᠤ | ᠪᠠᠶᠢᠨ᠎ᠠ᠂ ᠵᠠᠩᠬᠢᠯᠠᠭ᠎ᠠ ᠨᠢ ᠰᠢᠨ᠎ᠠ ᠪᠠᠶᠢᠳᠠᠯ ᠲᠤᠤᠷᠠᠬᠢ ᠰᠡᠷᠬᠡᠶᠢᠯᠡᠨ ᠡᠵᠡᠮᠳᠡᠬᠦ ᠪᠠᠶᠢᠩᠭᠤᠵᠢᠯᠳᠠ ᠶᠢᠨ ᠠᠵᠢᠯ ᠢ | ᠰᠠᠶᠢᠳᠤᠷ ᠠᠳᠬᠤᠬᠤ ᠭᠡᠷᠡᠭᠳᠠᠢ᠃ ᠲᠠᠨᠠᠷ ᠦᠷᠬᠦᠯᠵᠢᠯᠡᠨ ᠲᠠᠶᠢᠯᠠᠯᠳᠤᠬᠤ ᠰᠤᠷᠳᠠᠯ ᠢᠶᠠᠨ ᠪᠠᠳᠠᠷᠠᠭᠤᠯᠵᠤ᠂ | ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠨᠠᠷᠢᠯᠢᠬ ᠠᠳᠬᠤᠵᠤ ᠪᠤᠳᠠᠳᠠᠢ ᠠᠳᠬᠤᠵᠤ᠂ ᠴᠢᠩ | ᠦᠨᠡᠨᠴᠢ ᠬᠠᠶᠢᠷ᠎ᠠ ᠰᠡᠳᠬᠢᠯᠭᠡ ᠪᠠᠷ ᠤᠯᠠᠨ ᠲᠦᠮᠡᠨ ᠳᠤ ᠤᠢᠢᠯᠡᠴᠢᠯᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠠᠷᠠᠳ ᠤᠨ ᠲᠠᠶᠢᠨ᠂ ᠶᠠᠷᠤᠩᠬᠡᠢ ᠲᠠᠶᠢᠯᠠᠯᠳᠤᠭᠠᠨ᠂ ᠬᠤᠷᠢᠬᠯᠠᠯᠲᠠ ᠶᠢᠨ ᠲᠠᠶᠢᠯᠠᠯᠳᠤᠭᠠᠨ ᠤ ᠪᠦᠷᠢᠨ | ᠢᠯᠠᠯᠳᠠ ᠶᠢ ᠤᠯᠬᠤ ᠳᠤ ᠰᠢᠨ᠎ᠠ ᠬᠤᠪᠢ ᠨᠡᠮᠡᠷᠢ ᠦᠵᠡᠬᠦᠯᠬᠦ ᠶᠢ ᠬᠦᠰᠡᠵᠤ ᠪᠠᠶᠢᠨ᠎ᠠ ᠬᠡᠵᠤ ᠴᠢᠬᠤᠯᠠᠴᠢᠯᠠᠪᠠ᠃ | ᠨᠡᠶᠢᠬᠡᠮ ᠲᠤᠭᠤᠷᠢᠬ ᠪᠤᠯ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠠᠮᠤᠬ ᠤᠨ ᠡᠮᠤᠨ᠎ᠠ ᠹᠷᠤᠨᠲ | ᠪᠤᠯᠤᠨ᠎ᠠ᠃ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠭᠠᠷᠤᠬᠰᠠᠨ ᠠᠴᠠ ᠨᠠᠭᠠᠰᠢ ᠪᠦᠬᠦ | ᠤᠯᠤᠰ ᠤᠨ 400 ᠭᠠᠷᠤᠢ ᠲᠦᠮᠡᠨ ᠨᠡᠶᠢᠬᠡᠮ ᠲᠤᠭᠤᠷᠢᠬ ᠤᠨ ᠠᠵᠢᠯᠳᠠᠨ ᠡᠮᠤᠨ᠎ᠠ ᠹᠷᠤᠨᠲ ᠢ ᠪᠠᠳᠤ ᠰᠠᠬᠢᠵᠤ᠂ 65 | ᠲᠦᠮᠡᠨ ᠬᠤᠳᠠ ᠬᠦᠳᠡᠭᠡ ᠶᠢᠨ ᠨᠡᠶᠢᠬᠡᠮ ᠲᠤᠭᠤᠷᠢᠬ ᠲᠤ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠤᠷᠤᠵᠤ | ᠭᠠᠷᠬᠤ ᠶᠢ ᠬᠠᠮᠢᠶᠠᠷᠬᠤ᠂ ᠤᠬᠠᠭᠤᠯᠵᠤ ᠬᠦᠮᠤᠵᠢᠬᠦᠯᠬᠦ᠂ ᠤᠷᠴᠢᠨ ᠲᠤᠭᠤᠷᠢᠨ ᠢ ᠴᠡᠭᠴᠡᠯᠡᠨ ᠵᠠᠰᠠᠬᠤ᠂ | ᠬᠦᠴᠢᠷᠳᠠᠯᠳᠠᠢ ᠤᠯᠠᠨ ᠲᠦᠮᠡᠨ ᠢ ᠬᠠᠪᠰᠤᠷᠬᠤ ᠵᠡᠷᠬᠡ ᠠᠵᠢᠯ ᠢ ᠬᠢᠵᠤ᠂ ᠬᠢᠵᠢᠭ ᠤᠨ ᠪᠠᠶᠢᠳᠠᠯ ᠤᠨ ᠲᠠᠷᠬᠠᠨ | ᠲᠡᠯᠬᠡᠷᠡᠬᠦ ᠶᠢ ᠬᠤᠷᠢᠬᠯᠠᠬᠤ᠂ ᠤᠯᠠᠨ ᠲᠦᠮᠡᠨ ᠤ ᠠᠮᠢᠳᠤᠷᠠᠯ ᠢ ᠪᠠᠳᠤᠯᠠᠬᠤ ᠳᠤ ᠴᠢᠬᠤᠯᠠ ᠬᠤᠪᠢ ᠨᠡᠮᠡᠷᠢ ᠦᠵᠡᠬᠦᠯᠪᠠ | ᠃ ᠶᠠᠷᠤᠩᠬᠡᠢ ᠱᠦᠵᠢ ᠰᠢ ᠶᠢᠨ ᠫᠢᠩ ᠨᠡᠶᠢᠬᠡᠮ ᠲᠤᠭᠤᠷᠢᠬ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ | ᠠᠵᠢᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠤᠯᠠᠨ ᠤᠳᠠᠭ᠎ᠠ ᠴᠢᠬᠤᠯᠠ ᠵᠢᠭᠠᠪᠤᠷᠢ ᠦᠭᠴᠤ᠂ ᠨᠡᠶᠢᠬᠡᠮ | ᠲᠤᠭᠤᠷᠢᠬ ᠤᠨ ᠠᠵᠢᠯᠳᠠᠨ ᠤ ᠠᠵᠢᠯ ᠢ ᠬᠦᠢᠴᠡᠳ ᠨᠤᠳᠠᠯᠠᠵᠤ᠂ ᠤᠷᠢᠳ ᠬᠤᠵᠢᠳ ᠪᠡᠬᠡᠵᠢᠩ ᠬᠤᠳᠠ ᠶᠢᠨ ᠠᠨ | ᠬᠤᠸᠠ ᠯᠢ ᠨᠡᠶᠢᠬᠡᠮ ᠲᠤᠭᠤᠷᠢᠬ᠂ ᠦᠬᠠᠨ ᠬᠤᠳᠠ ᠶᠢᠨ ᠳ᠋ᠦᠩ ᠬᠤ᠋ ᠰᠢᠨ ᠴᠧᠩ ᠨᠡᠶᠢᠬᠡᠮ ᠲᠤᠭᠤᠷᠢᠬ ᠢᠶᠠᠷ | ᠰᠢᠨᠵᠢᠯᠠᠨ ᠪᠠᠶᠢᠴᠠᠭᠠᠵᠤ ᠲᠤᠬᠤᠨᠢᠭᠤᠯᠪᠠ᠃ ᠤᠢᠢᠷ᠎ᠠ ᠶᠢᠨ ᠡᠳᠤᠷ᠂ ᠦᠬᠠᠨ ᠬᠤᠳᠠ ᠶᠢᠨ ᠳ᠋ᠦᠩ ᠬᠤ᠋ ᠰᠢᠨ ᠴᠧᠩ | ᠨᠡᠶᠢᠬᠡᠮ ᠲᠤᠭᠤᠷᠢᠬ ᠤᠨ ᠪᠦᠬᠦ ᠨᠡᠶᠢᠬᠡᠮ ᠲᠤᠭᠤᠷᠢᠬ ᠤᠨ ᠠᠵᠢᠯᠳᠠᠨ ᠶᠠᠷᠤᠩᠬᠡᠢ ᠱᠦᠵᠢ ᠰᠢ ᠶᠢᠨ ᠫᠢᠩ ᠳᠤ ᠵᠠᠬᠢᠳᠠᠯ | ᠢᠯᠡᠬᠡᠵᠤ᠂ ᠶᠠᠷᠤᠩᠬᠡᠢ ᠱᠦᠵᠢ ᠪᠤᠯᠤᠨ ᠨᠠᠮ ᠤᠨ ᠲᠦᠪ ᠬᠤᠷᠢᠶ᠎ᠠ ᠳᠤ ᠲᠠᠯᠠᠷᠬᠠᠵᠤ ᠪᠠᠶᠢᠬᠤ ᠰᠡᠳᠬᠢᠯ ᠢᠶᠠᠨ | ᠢᠯᠡᠳᠬᠡᠵᠤ᠂ ᠵᠢᠭᠰᠠᠭᠠᠯ ᠤᠨ ᠭᠠᠵᠠᠷ ᠢᠶᠠᠨ ᠦᠷᠬᠦᠯᠵᠢᠯᠠᠨ ᠪᠠᠳᠤ ᠰᠠᠬᠢᠵᠤ᠂ ᠡᠬᠦᠷᠬᠡ ᠬᠠᠷᠢᠭᠤᠴᠠᠯᠭ᠎ᠠ ᠪᠠᠨ | ᠰᠠᠶᠢᠳᠤᠷ ᠬᠦᠢᠴᠡᠳᠬᠡᠬᠦ ᠡᠷᠡᠰ ᠪᠠᠳᠤ ᠵᠤᠷᠢᠬ ᠢᠶᠠᠨ ᠢᠯᠡᠳᠬᠡᠭᠰᠡᠨ ᠪᠠᠶᠢᠨ᠎ᠠ᠃ | |