ᠬᠠᠶᠠᠭᠳᠠᠮᠠᠯ ᠪᠤᠳᠠᠰ ᠬᠤᠪᠤᠷᠬᠠᠨ ᠡᠷᠳᠡᠨᠢ ᠪᠤᠯᠤᠯ᠎ᠠ
ᠨᠡᠶᠢᠲᠡᠯᠡᠭᠰᠡᠨ ᠴᠠᠭ᠄
2020-04-14
      — ᠲᠠᠯ᠎ᠠ ᠶᠢᠨ ᠤᠰᠤ ᠭᠠᠴᠠᠭᠠᠨ ᠤ ᠠᠮᠢᠳᠤ ᠪᠤᠳᠠᠰ ᠤᠨ ᠤᠷᠭᠠᠨᠢᠭ ᠪᠤᠷᠳᠤᠭᠤᠷ ᠤᠨ ᠦᠢᠯᠡᠳᠪᠦᠷᠢ ᠶᠢ ᠲᠡᠮᠲᠡᠭᠯᠡᠪᠡ      ᠰᠦᠯᠳᠡ ᠰᠤᠮᠤᠨ ᠤ ᠲᠠᠯ᠎ᠠ ᠶᠢᠨ ᠤᠰᠤ ᠭᠠᠴᠠᠭᠠᠨ ᠳᠤ ᠪᠠᠶᠢᠷᠢᠯᠠᠬᠤ ︽ᠦᠪᠦᠷ ᠮᠤᠩᠭᠤᠯ ᠤᠨ ᠪᠠᠶᠢᠭᠠᠯᠢ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠬᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ︾ ᠨᠢ ᠬᠤᠲᠠ ᠬᠦᠳᠡᠭᠡ ᠶᠢᠨ ᠬᠠᠶᠠᠭᠳᠠᠮᠠᠯ ᠮᠤᠳᠤ᠂ ᠪᠤᠷᠭᠠᠰᠤ᠂ ᠰᠢᠪᠠᠭ᠂ ᠬᠠᠷᠭᠠᠨ᠎ᠠ᠂ ᠵᠤᠷᠯᠤᠩ ᠤᠨ ᠢᠯᠭᠠᠳᠠᠰᠤ᠂ ᠠᠮᠢᠳᠤᠷᠠᠯ ᠤᠨ ᠬᠤᠭ ᠨᠤᠪᠰᠢ ᠶᠢ ᠦᠨᠳᠦᠷ ᠮᠡᠷᠬᠡᠵᠢᠯ ᠢᠶᠠᠷ ᠪᠤᠯᠪᠠᠰᠤᠷᠠᠭᠤᠯᠤᠨ ᠡᠰᠬᠡᠵᠤ᠂ ᠲᠠᠷᠢᠶᠠᠯᠠᠩ ᠳᠤ ᠬᠡᠷᠡᠭᠯᠡᠬᠦ ᠤᠷᠭᠠᠨᠢᠭ ᠪᠤᠷᠳᠤᠭᠤᠷ ᠪᠤᠯᠭᠠᠨ ᠬᠤᠳᠠᠯᠳᠤᠵᠤ ᠪᠠᠶᠢᠭ᠎ᠠ ᠨᠢ ᠬᠡᠷᠡᠭᠴᠡᠭᠡ ᠦᠭᠡᠢ ᠵᠦᠢᠯᠡᠰ ᠢ ᠬᠡᠷᠡᠭᠯᠡᠬᠡᠨ ᠤ ᠦᠨᠳᠦᠷ ᠦᠷᠲᠡᠭ ᠲᠠᠢ ᠪᠤᠯᠭᠠᠵᠤ᠂ ᠠᠷᠠᠳ ᠤᠨ ᠠᠮᠢᠳᠤᠷᠠᠯ᠂ ᠤᠷᠴᠢᠨ ᠠᠬᠤᠢ᠂ ᠬᠦᠮᠦᠨ ᠵᠤᠨ ᠤ ᠡᠷᠡᠬᠦᠯ ᠮᠡᠨᠳᠦ ᠳᠤ ᠠᠴᠢ ᠲᠤᠰᠠ ᠪᠤᠯᠵᠤ ᠪᠠᠶᠢᠭ᠎ᠠ ᠨᠢ ᠪᠠᠶᠠᠷᠯᠠᠭᠤᠰᠢᠲᠠᠢ ᠶᠠᠪᠤᠳᠠᠯ ᠪᠠᠶᠢᠯ᠎ᠠ᠃      ᠲᠤᠰ ᠦᠢᠯᠡᠳᠪᠦᠷᠢ ᠶᠢ 2015 ᠤᠨ ᠳᠤ ᠠᠩᠬ᠎ᠠ ᠰᠡᠲᠦᠨ ᠳᠦᠰᠦᠪᠯᠡᠵᠤ᠂ 2017 ᠤᠨ ᠠᠴᠠ ᠡᠬᠢᠯᠡᠨ ᠪᠠᠶᠢᠭᠤᠯᠵᠤ᠂ 2018 ᠤᠨ ᠳᠤ ᠪᠠᠷᠢᠯᠭ᠎ᠠ ᠳᠠᠭᠤᠰᠬᠠᠨ᠂ ᠨᠢᠳᠤᠨᠤᠨ ᠤ 7 ᠰᠠᠷ᠎ᠠ ᠠᠴᠠ ᠬᠡᠷᠡᠭᠯᠡᠯᠲᠡ ᠳᠤ ᠤᠷᠤᠭᠤᠯᠤᠭᠰᠠᠨ ᠪᠠᠶᠢᠵᠠᠢ᠃      ︽ᠲᠤᠬᠠᠢ ᠶᠢᠨ ᠦᠶ᠎ᠡ ᠳᠤ ᠮᠠᠨ ᠤ ᠭᠠᠴᠠᠭᠠᠨ ᠳᠤ ᠬᠠᠮᠲᠤ ᠶᠢᠨ ᠠᠵᠤ ᠠᠬᠤᠢ ᠬᠡᠰᠡᠨ ᠶᠠᠭᠤᠮ᠎ᠠ ᠪᠠᠶᠢᠭᠰᠠᠨ ᠦᠭᠡᠢ᠂ ᠮᠦᠨ ᠴᠤ ᠶᠠᠳᠠᠭᠤ ᠬᠦᠴᠢᠷᠳᠡᠯᠲᠡᠢ ᠡᠷᠦᠬᠡ ᠶᠢ ᠳᠠᠶᠢᠴᠢᠯᠠᠨ ᠳᠠᠭᠠᠭᠤᠯᠬᠤ ᠭᠠᠵᠠᠷ ᠤᠷᠤᠨ ᠤ ᠺᠤᠮᠫᠠᠨᠢ ᠪᠠᠶᠢᠭ᠎ᠠ ᠦᠭᠡᠢ ᠤᠴᠢᠷ ᠠᠴᠠ ᠪᠢᠳᠠ ᠡᠬᠦᠨ ᠢ ᠰᠡᠲᠦᠵᠤ ᠬᠢᠭᠰᠡᠨ ᠪᠢᠯᠡ︕ ᠶᠠᠭ ᠡ᠊ᠨᠡ ᠦᠶ᠎ᠡ ᠪᠠᠷ ᠮᠠᠨ ᠤ ᠭᠠᠴᠠᠭᠠᠨ ᠤ ᠨᠢᠬᠡ ᠵᠠᠯᠠᠭᠤ ᠶᠠᠫᠤᠨ ᠳᠤ ᠲᠤᠰᠬᠠᠢᠢᠯᠠᠨ ᠤᠷᠭᠠᠨᠢᠭ ᠪᠤᠷᠳᠤᠭᠤᠷ ᠬᠢᠬᠦ ᠮᠡᠷᠬᠡᠵᠢᠯ ᠰᠤᠷᠤᠯᠴᠠᠭᠠᠳ ᠢᠷᠡᠭᠰᠡᠨ ᠪᠤᠯᠬᠤᠷ ᠭᠠᠴᠠᠭ᠎ᠠ ᠵᠦᠪᠯᠡᠯ᠂ ᠬᠡᠰᠢᠬᠦᠳ ᠤᠨ ᠬᠤᠷᠠᠯ ᠢᠶᠠᠷ ᠳᠠᠮᠵᠢᠭᠤᠯᠤᠨ ᠲᠤᠰ ᠦᠢᠯᠡᠳᠪᠦᠷᠢ ᠶᠢ ᠪᠠᠶᠢᠭᠤᠯᠤᠭᠰᠠᠨ ᠶᠤᠮ︾ ᠬᠡᠵᠤ ᠲᠠᠯ᠎ᠠ ᠶᠢᠨ ᠤᠰᠤ ᠭᠠᠴᠠᠭᠠᠨ ᠤ ᠤᠤᠯ ᠤᠨ ᠭᠠᠴᠠᠭᠠᠨ ᠲᠠᠷᠤᠭ᠎ᠠ᠂ ᠲᠤᠰ ᠺᠤᠮᠫᠠᠨᠢ ᠶᠢᠨ ᠳᠠᠭᠠᠭᠠᠮᠠᠯ ᠦᠷᠬᠡᠨᠪᠤᠤ ᠪᠢᠳᠠᠨ ᠳᠤ ᠲᠠᠶᠢᠯᠪᠤᠷᠢᠯᠠᠯ᠎ᠠ᠃      ᠤᠢᠢᠯᠠᠭᠠᠭᠰᠠᠨ ᠢᠶᠠᠷ ᠲᠤᠰ ᠦᠢᠯᠡᠳᠪᠦᠷᠢ ᠶᠢ ᠪᠦᠲᠦᠬᠡᠨ ᠪᠠᠶᠢᠭᠤᠯᠬᠤ ᠳᠤ ᠨᠡᠶᠢᠲᠡ 540 ᠭᠠᠷᠤᠢ ᠲᠦᠮᠡᠨ ᠲᠦᠬᠦᠷᠢᠭ ᠵᠠᠷᠤᠴᠠᠭᠤᠯᠵᠤ᠂ ᠡᠬᠦᠨ ᠳᠤ ᠤᠯᠤᠰ ᠤᠨ ᠲᠦᠷᠦᠯ ᠵᠦᠢᠯ ᠢ ᠭᠤᠶᠤᠴᠢᠯᠠᠨ ᠤᠯᠤᠭᠰᠠᠨ ᠮᠦᠡᠭᠭᠦ ᠵᠢᠴᠢ ᠭᠠᠴᠠᠭᠠᠨ ᠤ 100 ᠭᠠᠷᠤᠢ ᠡᠷᠦᠬᠡ ᠶᠢᠨ ᠬᠤᠪᠢ ᠤᠷᠤᠭᠰᠠᠨ ᠮᠦᠡᠭᠭᠦ ᠪᠠᠭᠲᠠᠨ᠎ᠠ᠃ ᠡᠬᠦᠨ ᠤ ᠵᠡᠷᠭᠡ ᠪᠠᠷ ᠲᠡᠳᠡ ᠪᠠᠰᠠ ︽ᠪᠠᠩᠭᠢ ᠶᠢᠨ ᠪᠤᠰᠤ ᠰᠠᠩᠭᠦᠦ ᠶᠢᠨ ᠵᠦᠪᠯᠡᠯ︾ ᠢ ᠪᠠᠶᠢᠭᠤᠯᠤᠨ ᠡᠷᠬᠢᠯᠲᠡ ᠶᠢᠨ ᠮᠦᠡᠭᠭᠦ ᠪᠤᠯᠭᠠᠵᠡᠢ᠃ ᠦᠢᠯᠡᠳᠪᠦᠷᠢ ᠨᠢ ᠭᠤᠤᠯᠳᠠᠭᠤ ᠲᠦᠬᠦᠬᠡᠢ ᠮᠠᠲ᠋ᠧᠷᠢᠶᠠᠯ ᠬᠤᠷᠠᠮᠳᠤᠭᠤᠯᠬᠤ᠂ ᠨᠠᠶᠢᠷᠠᠭᠤᠯᠬᠤ᠂ ᠡᠰᠬᠡᠬᠦ᠂ ᠪᠤᠭᠤᠳᠠᠯᠯᠠᠬᠤ ᠂ ᠪᠤᠷᠤᠯᠠᠭᠤᠯᠬᠤ ᠵᠡᠷᠭᠡ ᠠᠯᠬᠤᠮ ᠢᠶᠠᠷ ᠠᠵᠢᠯᠯᠠᠵᠤ᠂ ᠲᠦᠷᠪᠡᠨ ᠠᠵᠢᠯᠴᠢᠨ ᠡ᠊ᠨᠡ ᠪᠦᠬᠦᠳᠡ ᠶᠢ ᠪᠡᠶᠡᠯᠡᠬᠦᠯᠳᠡᠭ᠃ ᠲᠡᠭᠡᠪᠡᠯ ᠲᠡᠳᠡ ᠲᠦᠬᠦᠭᠡᠢ ᠮᠠᠲ᠋ᠧᠷᠢᠶᠠᠯ ᠢᠶᠠᠨ ᠬᠠᠮᠢᠭ᠎ᠠ ᠠᠴᠠ ᠬᠤᠷᠠᠮᠳᠤᠭᠤᠯᠵᠤ᠂ ᠶᠠᠮᠠᠷ ᠮᠡᠷᠬᠡᠵᠢᠯ ᠢᠶᠠᠷ ᠡᠬᠦᠨ ᠢᠶᠠᠨ ᠪᠤᠯᠪᠠᠰᠤᠷᠠᠭᠤᠯᠵᠤ᠂ ᠬᠠᠮᠢᠭᠠᠰᠢ ᠪᠤᠷᠤᠯᠠᠭᠤᠯᠵᠤ ᠪᠠᠶᠢᠭ᠎ᠠ ᠪᠤᠯ︖ ᠡ᠊ᠨᠡ ᠲᠤᠬᠠᠢ ᠦᠷᠬᠡᠨᠪᠤᠤ ᠪᠢᠳᠠᠨ ᠳᠤ᠄ ︽ᠪᠢᠳᠠ ᠮᠠᠯᠴᠢᠳ ᠤᠨ ᠭᠠᠷ ᠠᠴᠠ ᠲᠤᠨ ᠢᠶᠠᠷ ᠬᠡᠮᠵᠢᠶᠡᠯᠡᠨ᠂ ᠪᠤᠷᠭᠠᠰᠤ 160 ᠲᠦᠬᠦᠷᠢᠭ᠂ ᠰᠢᠪᠠᠭ 260 ᠲᠦᠬᠦᠷᠢᠭ᠂ ᠤᠳᠠ ᠮᠤᠳᠤ 120 ᠲᠦᠬᠦᠷᠢᠭ᠂ ᠮᠠᠯ ᠤᠨ ᠰᠢᠬᠡᠭ 260 ᠲᠦᠬᠦᠷᠢᠭ ᠢᠶᠠᠷ ᠬᠤᠷᠢᠶᠠᠨ ᠠᠪᠳᠠᠭ᠂ ᠲᠤᠳᠤᠷᠬᠠᠢᠢᠯᠠᠵᠤ ᠬᠡᠯᠡᠬᠦ ᠳᠤ ᠮᠠᠨ ᠤ ᠬᠤᠷᠢᠶᠠᠵᠤ ᠠᠪᠤᠭᠰᠠᠨ ᠮᠤᠳᠤ ᠪᠤᠷᠭᠠᠰᠤ ᠪᠤᠯ ᠴᠦᠮ ᠦᠬᠦᠵᠤ ᠦᠬᠢᠷᠡᠭᠰᠡᠨ ᠪᠤᠶᠤ ᠬᠡᠭᠡᠭᠳᠡᠵᠤ ᠬᠠᠶᠠᠭᠳᠠᠬᠤ ᠪᠠᠷ ᠪᠠᠶᠢᠭ᠎ᠠ ᠮᠤᠳᠤ ᠶᠤᠮ᠂ ᠡᠬᠦᠨ ᠤ ᠵᠡᠷᠭᠡ ᠪᠠᠷ ᠪᠠᠰᠠ ᠶᠠᠰᠤ᠂ ᠴᠢᠰᠦ᠂ ᠠᠮᠢᠳᠤᠷᠠᠯ ᠤᠨ ᠬᠠᠶᠠᠭᠳᠠᠮᠠᠯ ᠪᠤᠳᠠᠰ ᠢ ᠴᠤ ᠬᠤᠷᠢᠶᠠᠨ᠎ᠠ᠃ ᠡᠳᠡᠬᠡᠷ ᠢᠶᠠᠨ ᠴᠤᠭᠯᠠᠭᠤᠯᠵᠤ ᠠᠪᠴᠢᠷᠠᠭᠰᠠᠨ ᠤ ᠲᠠᠷᠠᠭ᠎ᠠ ᠨᠢᠬᠡ ᠮᠦᠷ ᠨᠠᠶᠢᠷᠠᠭᠤᠯᠤᠨ ᠭᠠᠷᠭᠠᠭᠠᠳ ᠶᠠᠫᠤᠨ ᠠᠴᠠ ᠤᠷᠤᠭᠤᠯᠤᠭᠰᠠᠨ ᠮᠢᠺᠷᠤᠪ ᠢᠶᠠᠨ ᠲᠤᠳᠤᠷ᠎ᠠ ᠨᠢ ᠬᠤᠯᠢᠳᠠᠭ᠃ ᠢᠡᠭᠭᠢᠵᠤ ᠬᠢᠳᠡᠭ ᠤᠨ ᠰᠢᠯᠲᠠᠭᠠᠨ ᠨᠢ ᠡ᠊ᠨᠡ ᠮᠢᠺᠷᠤᠪ ᠲᠦᠬᠦᠭᠡᠢ ᠮᠠᠲ᠋ᠧᠷᠢᠶᠠᠯ ᠲᠤᠳᠤᠷᠠᠬᠢ ᠬᠢᠮᠢ ᠶᠢᠨ ᠠᠭᠤᠯᠤᠭᠳᠠᠴᠠ ᠲᠠᠢ ᠬᠤᠤᠷᠲᠤ ᠪᠤᠳᠠᠰ ᠢ ᠠᠯᠠᠬᠤ ᠳᠤ ᠪᠤᠢ᠃ ᠲᠠᠷᠠᠭ᠎ᠠ ᠨᠢ ᠡᠰᠬᠡᠨ᠎ᠡ᠃ ᠡᠰᠬᠡᠬᠦ ᠶᠠᠪᠤᠴᠠ ᠬᠠᠮᠤᠭ ᠴᠢᠬᠤᠯᠠ᠂ ᠬᠠᠯᠠᠭᠤᠨ ᠤ ᠬᠡᠮᠵᠢᠶ᠎ᠡ᠂ ᠨᠢᠭᠲᠠᠴᠠ ᠵᠡᠷᠭᠡ ᠶᠢ ᠤᠨᠴᠠ ᠠᠩᠬᠠᠷᠬᠤ ᠪᠦᠭᠡᠳ ᠪᠠᠷᠤᠭ 2 ᠰᠠᠷ᠎ᠠ ᠢᠯᠡᠬᠦᠦ ᠶᠢᠨ ᠴᠠᠭ ᠬᠤᠭᠤᠴᠠᠭ᠋ ᠎ᠠ ᠶᠢ ᠬᠡᠷᠡᠭᠰᠡᠨ ᠎ᠡ᠃ ᠬᠠᠮᠤᠭ ᠰᠡᠬᠦᠯ ᠳᠤ ᠤᠷᠭᠠᠨᠢᠭ ᠪᠤᠷᠳᠤᠭᠤᠷ ᠢᠶᠠᠨ ᠪᠤᠭᠤᠳᠠᠯᠯᠠᠵᠤ ᠵᠠᠬ᠎ᠠ ᠳᠤ ᠭᠠᠷᠭᠠᠨ᠎ᠠ᠃ ᠮᠠᠨ ᠤ ᠤᠳᠤ ᠶᠢᠨ ᠬᠤᠳᠠᠯᠳᠤᠵᠤ ᠪᠠᠶᠢᠭ᠎ᠠ ᠤᠷᠭᠠᠨᠢᠭ ᠪᠤᠷᠳᠤᠭᠤᠷ ᠲᠤᠨ ᠪᠦᠷᠢ ᠨᠢ 1388 ᠲᠦᠬᠦᠷᠢᠭ ᠲᠤ ᠬᠦᠷᠴᠤ ᠪᠤᠢ︾ ᠬᠡᠪᠡ᠃      ᠲᠡᠳᠡᠨ ᠤ ᠡ᠊ᠨᠡ ᠬᠦ ᠤᠷᠭᠠᠨᠢᠭ ᠪᠤᠷᠳᠤᠭᠤᠷ ᠨᠢ ᠭᠤᠤᠯᠳᠠᠭᠤ ᠢᠳᠡᠰᠢᠨ ᠨᠤᠭᠤᠭᠠᠨ ᠤ ᠲᠤᠯᠠᠭᠠᠨ ᠬᠦᠯᠡᠮᠵᠢ ᠪᠤᠶᠤ ᠵᠢᠮᠢᠰ ᠲᠠᠷᠢᠵᠤ ᠪᠠᠶᠢᠭ᠎ᠠ ᠭᠠᠵᠠᠷ ᠲᠤ ᠪᠤᠷᠤᠯᠠᠭᠤᠯᠤᠭᠳᠠᠵᠤ᠂ ᠡ᠊ᠨᠡ ᠵᠢᠯ ᠤᠨ ᠠᠩᠬᠠᠨ ᠤ ᠬᠢᠵᠤ ᠭᠠᠷᠭᠠᠭᠰᠠᠨ 400 ᠭᠠᠷᠤᠢ ᠲᠤᠨ ᠪᠦᠲᠦᠬᠡᠭᠳᠡᠬᠦᠨ ᠠᠴᠠ 200 ᠲᠤᠨ ᠢ ᠨᠢ ᠤᠲᠤᠭ ᠤᠨ ᠡᠮᠦᠨᠡᠲᠤ ᠬᠤᠰᠢᠭᠤ ᠵᠢᠴᠢ ᠨᠠᠷᠢᠨᠭᠤᠤᠯ ᠪᠠᠯᠭᠠᠰᠤᠨ ᠤ ᠲᠠᠷᠢᠶᠠᠯᠠᠩ ᠤᠨ ᠲᠠᠯᠠᠪᠠᠢ ᠳᠤ ᠬᠤᠳᠠᠯᠳᠤᠭᠰᠠᠨ ᠪᠠᠶᠢᠯ᠎ᠠ᠃      ᠦᠢᠯᠡᠳᠪᠦᠷᠢ ᠶᠢᠨ ᠭᠤᠤᠯ ᠲᠠᠯᠠᠪᠠᠢ ᠶᠢᠨ ᠬᠠᠵᠠᠭᠤ ᠳᠤ ᠨᠢᠬᠡ ᠲᠤᠯᠠᠭᠠᠨ ᠬᠦᠯᠡᠮᠵᠢ ᠪᠠᠶᠢᠭᠤᠯᠤᠭᠰᠠᠨ ᠨᠢ ᠲᠡᠳᠡᠨ ᠤ ᠪᠠᠰᠠ ᠨᠢᠬᠡ ᠲᠤᠷᠰᠢᠯᠲᠡ ᠶᠢᠨ ᠴᠡᠭ ᠪᠠᠶᠢᠪᠠ᠃ 2.5 ᠮᠦ ᠶᠢᠨ ᠲᠠᠯᠠᠪᠠᠢ ᠪᠦᠬᠦᠢ ᠲᠤᠰ ᠲᠤᠯᠠᠭᠠᠨ ᠬᠦᠯᠡᠮᠵᠢ ᠶᠢ 70 ᠲᠦᠮᠡᠨ ᠲᠦᠬᠦᠷᠢᠭ ᠵᠠᠷᠤᠴᠠᠭᠤᠯᠤᠨ ᠪᠠᠶᠢᠭᠤᠯᠵᠤ᠂ ᠭᠤᠤᠯᠳᠠᠭᠤ ᠬᠢᠵᠤ ᠭᠠᠷᠭᠠᠭᠰᠠᠨ ᠤᠷᠭᠠᠨᠢᠭ ᠪᠤᠷᠳᠤᠭᠤᠷ ᠢᠶᠠᠨ ᠬᠡᠷᠡᠭᠯᠡᠵᠤ᠂ ᠲᠠᠷᠢᠭᠰᠠᠨ ᠢᠳᠡᠰᠢᠨ ᠨᠤᠭᠤᠭ᠎ᠠ ᠶᠢᠨ ᠤᠨᠠᠯᠲᠠ ᠵᠢᠴᠢ ᠴᠡᠪᠡᠷ ᠪᠠᠶᠢᠭᠠᠯᠢᠯᠢᠭ ᠤᠨ ᠪᠠᠷᠢᠮᠵᠢᠶ᠎ᠠ ᠶᠢ ᠬᠢᠨᠠᠨ ᠰᠢᠯᠭᠠᠳᠠᠭ ᠠᠵᠢ᠃      ᠮᠠᠯᠵᠢᠬᠤ ᠭᠠᠴᠠᠭᠠᠨ ᠳᠤ ᠡᠶᠢᠮᠦᠷᠬᠦᠦ ᠦᠢᠯᠡᠳᠪᠦᠷᠢ ᠶᠢ ᠪᠠᠶᠢᠭᠤᠯᠤᠨ ᠲᠠᠷᠢᠶᠠᠯᠠᠩ ᠳᠤ ᠦᠢᠯᠡᠴᠢᠯᠡᠵᠤ ᠪᠠᠶᠢᠭ᠎ᠠ ᠨᠢ ᠬᠤᠯᠠ ᠶᠢᠨ ᠬᠠᠷᠠᠴᠠ ᠲᠠᠢ ᠴᠤ ᠡᠬᠦᠨ ᠠᠴᠠ ᠴᠤ ᠨᠡᠩ ᠬᠤᠯᠠᠬᠢ ᠬᠠᠷᠠᠯᠲᠠ ᠨᠢ ᠦᠷᠬᠡᠨᠪᠤᠤ ᠶᠢᠨ ᠰᠠᠨᠠᠭ᠎ᠠ ᠪᠠᠶᠢᠯ᠎ᠠ᠃ ᠲᠡᠷᠡ ᠦᠢᠯᠡᠳᠪᠦᠷᠢ ᠳᠡᠭᠡᠨ ᠭᠠᠴᠠᠭᠠᠨ ᠤ ᠪᠠᠨ ᠠᠮᠢᠳᠤᠷᠠᠯ ᠳᠠᠭᠠᠨ ᠬᠦᠴᠢᠷᠳᠡᠯᠲᠡᠢ ᠨᠢᠬᠡ ᠬᠦᠮᠦᠨ ᠢ ᠰᠠᠷ᠎ᠠ ᠪᠦᠷᠢ 5000 ᠲᠦᠬᠦᠷᠢᠭ ᠢᠶᠠᠷ ᠠᠵᠢᠯᠯᠠᠭᠤᠯᠤᠨ᠂ ᠵᠠᠷᠢᠮ ᠴᠠᠭ ᠲᠠᠭᠠᠨ ᠬᠦᠮᠦᠨ ᠤ ᠬᠦᠴᠦ ᠶᠡᠭᠡ ᠪᠠᠷ ᠬᠡᠷᠡᠭᠯᠡᠬᠦ ᠳᠤ ᠤᠷᠤᠯᠭ᠎ᠠ ᠲᠤᠤᠷ᠎ᠠ ᠮᠠᠯᠴᠢᠳ ᠢ ᠡᠳᠦᠷ ᠤᠨ ᠬᠦᠯᠥᠰᠦ 200 ᠲᠦᠬᠦᠷᠢᠭ ᠢᠶᠠᠷ ᠠᠵᠢᠯᠯᠠᠭᠤᠯᠵᠤ ᠪᠠᠶᠢᠭ᠎ᠠ ᠶᠤᠮ ᠪᠠᠶᠢᠨ᠎ᠠ᠃ ᠲᠤᠯᠠᠭᠠᠨ ᠬᠦᠯᠡᠮᠵᠢ ᠪᠠᠨ ᠭᠠᠴᠠᠭᠠᠨ ᠤ ᠡᠮᠡᠭᠲᠡᠶᠢᠴᠤᠳ ᠤᠨ ᠵᠦᠪᠯᠡᠯ ᠳᠤ ᠲᠤᠰᠢᠶᠠᠨ ᠬᠠᠷᠢᠭᠤᠴᠠᠭᠤᠯᠵᠤ᠂ ᠡᠮᠡᠭᠲᠡᠶᠢᠴᠤᠳ ᠤᠨ ᠤᠷᠤᠯᠭ᠎ᠠ ᠶᠢ ᠨᠡᠮᠡᠭᠳᠡᠬᠦᠯᠵᠤ ᠪᠠᠶᠢᠭ᠎ᠠ ᠨᠢ ᠮᠦᠨ ᠪᠢᠰᠢᠷᠡᠬᠦᠰᠢᠲᠡᠢ᠃      ︽ᠡ᠊ᠨᠡ ᠰᠠᠷ᠎ᠠ ᠠᠩᠬᠠᠨ ᠤ ᠪᠦᠲᠦᠬᠡᠭᠳᠡᠬᠦᠨ ᠢᠶᠠᠨ ᠬᠢᠵᠤ ᠭᠠᠷᠭᠠᠭᠰᠠᠨ ᠪᠤᠯᠬᠤᠷ ᠪᠢᠳᠠᠨ ᠤ ᠵᠠᠮ ᠪᠠᠰᠠ ᠬᠤᠯᠠ ᠪᠠᠶᠢᠭᠰᠠᠭᠠᠷ ᠁ ᠬᠤᠵᠢᠮ ᠦᠢᠯᠡᠳᠪᠦᠷᠢ ᠶᠢᠨ ᠲᠠᠯᠠᠪᠠᠢ ᠪᠠᠨ ᠦᠷᠭᠡᠳᠬᠡᠵᠦ ᠵᠢᠯ ᠳᠤ 5000 ᠲᠤᠨ ᠤ ᠤᠷᠭᠠᠨᠢᠭ ᠪᠤᠷᠳᠤᠭᠤᠷ ᠢ ᠡᠰᠬᠡᠨ ᠭᠠᠷᠭᠠᠬᠤ ᠰᠠᠨᠠᠭᠠᠲᠠᠢ᠂ ᠮᠦᠨ ᠴᠤ ᠰᠢᠩᠬᠡᠨ ᠪᠡᠶᠡᠲᠤ ᠤᠷᠭᠠᠨᠢᠭ ᠪᠤᠷᠳᠤᠭᠤᠷ ᠢ ᠦᠢᠯᠡᠳᠪᠦᠷᠢᠯᠡᠬᠦ ᠪᠠᠷ ᠲᠦᠯᠥᠪᠯᠡᠵᠤ ᠪᠤᠢ᠃ ᠤᠷᠴᠢᠮ ᠤᠨ ᠵᠢᠯ ᠤᠳ ᠲᠤ ᠪᠢᠳᠠ ᠦᠷᠬᠦᠯᠵᠢ ᠬᠢᠮᠢ ᠶᠢᠨ ᠪᠤᠷᠳᠤᠭᠤᠷ ᠢᠶᠠᠷ ᠲᠠᠷᠢᠵᠤ ᠭᠠᠷᠭᠠᠭᠰᠠᠨ ᠢᠳᠡᠬᠡᠨ ᠤᠮᠳᠠᠭᠠᠨ ᠬᠡᠷᠡᠭᠯᠡᠭᠰᠡᠭᠡᠷ ᠪᠠᠶᠢᠵᠤ ᠡᠯᠳᠡᠪ ᠡᠪᠡᠳᠴᠢᠨ ᠤᠯᠳᠠᠭ ᠪᠤᠯᠴᠢᠬᠠᠯ᠎ᠠ᠂ ᠮᠦᠨ ᠴᠤ ᠬᠢᠮᠢ ᠶᠢᠨ ᠪᠤᠷᠳᠤᠭᠤᠷ ᠬᠢᠭᠰᠡᠨ ᠭᠠᠵᠠᠷ ᠰᠢᠷᠤᠢ ᠠᠭᠠᠵᠢᠮ ᠳᠠᠭᠠᠨ ᠶᠠᠭᠤᠮ᠎ᠠ ᠲᠠᠷᠢᠭᠠᠳ ᠤᠷᠭᠤᠬᠤ ᠪᠠᠨ ᠪᠤᠯᠢᠴᠢᠬᠠᠭᠰᠠᠨ ᠢ ᠴᠤ ᠬᠠᠷᠠᠯ᠎ᠠ᠃ ᠲᠡᠭᠡᠬᠦᠯᠡᠷ ᠴᠡᠪᠡᠷ ᠪᠠᠶᠢᠭᠠᠯᠢᠯᠢᠭ ᠵᠦᠢᠯ ᠯᠠ ᠬᠦᠮᠦᠰ ᠤᠨ ᠱᠠᠭᠠᠷᠳᠠᠯᠭ᠎ᠠ ᠶᠢ ᠬᠠᠨᠭ᠍ᠭᠠᠵᠤ᠂ ᠲᠡᠳᠡ ᠪᠦᠬᠦᠨ ᠤ ᠡᠷᠡᠬᠦᠯ ᠮᠡᠨᠳᠤ ᠶᠢ ᠪᠠᠲᠤᠯᠠᠬᠤ ᠴᠢᠬᠤᠯᠠ ᠲᠠᠢ᠃ ᠡᠷᠡᠬᠦᠯ ᠪᠡᠶ᠎ᠡ ᠰᠠᠷᠠᠭᠤᠯ ᠤᠬᠠᠭᠠᠨ ᠬᠤᠶᠠᠷ ᠯᠠ ᠬᠦᠮᠦᠨ ᠢ ᠤᠷᠲᠤ ᠨᠠᠰᠤᠯᠠᠭᠤᠯᠬᠤ ᠶᠤᠮ︾ ᠬᠡᠵᠦ ᠦᠷᠬᠡᠨᠪᠤᠤ ᠤᠴᠢᠷᠯᠠᠯ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号