︽ᠡᠳ᠋ ᠢᠶᠠᠷ ᠲᠡᠳᠭᠦᠭᠦ ᠪᠠᠷ ᠡᠷᠳᠡᠮ ᠢᠶᠠᠷ ᠲᠡᠳᠭᠦ︾ ᠭᠡᠳᠡᠭᠴᠢᠯᠡᠨ ᠠᠵᠤ ᠦᠢᠯᠡᠰ ᠢ ᠬᠦᠭᠵᠢᠭᠦᠯᠭᠦ ᠪᠤᠯ ᠴᠢᠨᠡᠷ | ᠰᠠᠶᠢᠳᠡᠢ ᠶᠠᠳᠠᠭᠤ ᠠᠴᠠ ᠠᠩᠬᠢᠵᠢᠷᠠᠭᠤᠯᠬᠤ ᠶᠢ ᠪᠠᠶᠠᠯᠡᠭᠦᠯᠭᠦ ᠰᠠᠭᠤᠷᠢ ᠶᠤᠮ᠂ ᠮᠦᠨ ᠴᠤ ᠶᠠᠳᠠᠭᠤ ᠠᠴᠠ | ᠠᠩᠬᠢᠵᠢᠷᠠᠭᠤᠯᠬᠤ ᠦᠷ᠎ᠠ ᠪᠦᠳᠤᠭᠡᠯ ᠢ ᠪᠠᠬᠢᠵᠢᠭᠦᠯᠭᠦ ᠴᠢᠬᠤᠯᠠ ᠲᠤᠯᠭᠠᠭᠤᠷᠢ ᠪᠤᠯᠤᠨ᠎ᠠ᠃ ᠦᠤᠰᠢᠨ ᠬᠤᠰᠢᠭᠤᠨ ᠤ | ᠰᠦᠯᠳᠠ ᠰᠤᠮᠤᠨ ᠤ ᠲᠤᠯᠢ ᠭᠠᠴᠠᠭ᠎ᠠ ︽ᠠᠵᠤ ᠦᠢᠯᠡᠰ ᠢ ᠬᠦᠭᠵᠢᠭᠦᠯᠵᠤ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠶᠢ ᠠᠬᠢᠭᠤᠯᠬᠤ︾ ᠰᠡᠳᠬᠢᠴᠨ ᠶᠢ ᠢᠮᠠᠭᠳᠠ ᠪᠠᠷᠢᠮᠳᠠᠯᠠᠵᠤ᠂ ᠲᠡᠭᠡᠳᠤ ᠱᠠᠳᠤᠨ ᠤ ᠬᠠᠮᠢᠶ᠎ᠠ | ᠪᠦᠭᠦᠢ ᠰᠠᠯᠠᠭ᠎ᠠ ᠮᠦᠴᠢᠷ ᠲᠠᠢ ᠢᠳᠠᠪᠬᠢᠳᠠᠢ ᠬᠠᠷᠢᠯᠴᠠᠨ᠂ ᠲᠦᠷᠤ ᠶᠢᠨ ᠪᠤᠳᠤᠯᠭ᠎ᠠ ᠶᠢᠨ ᠲᠡᠮᠵᠢᠯᠭᠡ ᠪᠠᠨ | ᠲᠡᠭᠦᠯᠳᠡᠷᠵᠢᠭᠦᠯᠵᠤ᠂ ᠠᠵᠤ ᠦᠢᠯᠡᠰ ᠤᠨ ᠤᠨᠴᠠᠯᠢᠭ ᠢᠶᠠᠨ ᠲᠤᠪᠤᠶᠢᠯᠭᠠᠨ᠂ ᠶᠠᠳᠠᠭᠤ ᠠᠴᠠ ᠠᠩᠬᠢᠵᠢᠷᠠᠭᠤᠯᠬᠤ ᠦᠷ᠎ᠠ | ᠪᠦᠳᠤᠭᠡᠯ ᠢᠶᠠᠨ ᠲᠡᠭᠡᠭᠰᠢᠯᠡᠭᠦᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠤᠨ᠂ | ᠶᠠᠳᠠᠭᠤ ᠬᠦᠴᠢᠷᠳᠡᠯᠳᠡᠢ ᠡᠷᠤᠭᠡ ᠶᠢᠨ ᠠᠵᠤ ᠦᠢᠯᠡᠰ ᠢ ᠶᠡᠭᠡ ᠪᠠᠷ ᠬᠦᠭᠵᠢᠭᠦᠯᠤᠭᠡᠳ ︽ᠴᠢᠰᠤ ᠶᠡᠭᠦᠯᠡᠭᠦ︾ | ᠭᠡᠯᠪᠡᠷᠢ ᠶᠢ ︽ᠴᠢᠰᠤ ᠪᠦᠳᠤᠭᠡᠭᠦ ᠭᠡᠯᠪᠡᠷᠢ︾ ᠪᠤᠯᠭᠠᠨ ᠬᠤᠪᠢᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠴᠢᠨᠡᠷᠵᠢᠯ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠦᠭᠰᠡᠨ ᠪᠠᠶᠢᠨ᠎ᠠ᠃ | ᠰᠠᠴᠠᠨᠳᠤᠶᠠᠭ᠎ᠠ ᠪᠤᠯ ᠲᠤᠯᠢ ᠭᠠᠴᠠᠭᠠᠨ ᠤ ᠶᠠᠳᠠᠭᠤ ᠬᠦᠴᠢᠷᠳᠡᠯᠳᠡᠢ ᠡᠷᠤᠭᠡ ᠪᠤᠯᠤᠨ᠎ᠠ᠃ ᠲᠡᠷᠡ ᠤᠯᠡᠨ | ᠵᠢᠯ ᠤᠨ ᠲᠤᠷᠰᠢ ᠤᠳᠠᠭᠠᠨ ᠴᠢᠨᠠᠷᠳᠠᠢ ᠡᠪᠡᠳᠴᠢᠨ ᠳᠤ ᠨᠡᠷᠪᠡᠭᠳᠡᠵᠤ᠂ ᠬᠦᠳᠡᠯᠮᠤᠷᠢ ᠬᠦᠴᠤ ᠲᠤᠳᠠᠮᠠᠭ ᠠᠴᠠ ᠪᠤᠯᠵᠤ | ᠶᠠᠳᠠᠭᠤ ᠬᠦᠴᠢᠷᠳᠠᠯᠳᠠᠢ ᠪᠤᠯᠤᠭᠰᠠᠨ ᠶᠤᠮ᠃ ᠲᠤᠯᠢ ᠭᠠᠴᠠᠭ᠎ᠠ ᠤᠨᠢᠨ ᠲᠡᠭᠡᠷ᠎ᠡ ᠨᠢ ᠶᠠᠳᠠᠭᠤ ᠶᠢ ᠲᠡᠳᠭᠦᠭᠦ | ᠲᠦᠷᠦ ᠶᠢᠨ ᠪᠤᠳᠤᠯᠭ᠎ᠠ ᠶᠢ ᠭᠡᠷᠡᠭᠵᠢᠭᠦᠯᠵᠤ᠂ ᠰᠠᠴᠠᠨᠳᠤᠶᠠᠭ᠎ᠠ ᠶᠢᠨ ᠬᠢᠨ ᠳᠤ 2016 ᠤᠨ ᠳᠤ ᠠᠵᠤ ᠦᠢᠯᠡᠰ ᠢᠶᠠᠷ | ᠶᠠᠳᠠᠭᠤ ᠶᠢ ᠲᠡᠳᠭᠦᠭᠦ ᠲᠦᠷᠤᠯ ᠵᠦᠢᠯ ᠢᠶᠠᠷ 80 ᠲᠡᠭᠰᠢ ᠲᠦᠷᠪᠡᠯᠵᠢᠨ ᠮᠧᠲᠷ ᠤᠨ ᠡᠪᠡᠰᠤᠨ ᠰᠠᠷᠠᠪᠴᠢ ᠪᠠ 60 | ᠲᠡᠭᠰᠢ ᠲᠦᠷᠪᠡᠯᠵᠢᠨ ᠮᠧᠲᠷ ᠤᠨ ᠮᠠᠯ ᠤᠨ ᠬᠠᠰᠢᠶ᠎ᠠ ᠰᠠᠷᠠᠪᠴᠢ ᠪᠠᠷᠢᠵᠤ ᠦᠭᠴᠡᠢ᠃ 2017 ᠤᠨ ᠳᠤ ᠠᠵᠤ | ᠦᠢᠯᠡᠰ ᠢᠶᠠᠷ ᠶᠠᠳᠠᠭᠤ ᠶᠢ ᠲᠡᠳᠭᠦᠭᠦ ᠲᠦᠷᠤᠯ ᠵᠦᠢᠯ ᠢ ᠭᠡᠷᠡᠭᠵᠢᠭᠦᠯᠦᠨ ᠬᠤᠳᠳᠤᠭ ᠮᠠᠯᠳᠠᠵᠤ᠂ ᠠᠵᠤ ᠦᠢᠯᠡᠰ ᠢᠶᠠᠷ | ᠬᠦᠭᠵᠢᠭᠦᠯᠭᠦ ᠶᠢ ᠲᠦᠭᠦᠷᠵᠢᠭᠦᠯᠦᠭᠰᠡᠨ ᠤ ᠲᠠᠷᠠᠭ᠎ᠠ 20 ᠮᠥ ᠶᠢᠨ ᠡᠷᠳᠡᠨᠢ ᠰᠢᠰᠢ ᠲᠠᠷᠢᠭᠤᠯᠵᠤ ᠮᠠᠯᠵᠢᠯ ᠤᠨ | ᠦᠢᠯᠡᠰ ᠤᠨ ᠬᠦᠭᠵᠢᠯᠳᠡ ᠶᠢ ᠲᠡᠮᠵᠢᠭᠦ ᠳᠤ ᠲᠦᠭᠦᠮ ᠪᠤᠯᠭᠠᠵᠠᠢ᠃ ᠰᠠᠴᠠᠨᠳᠤᠶᠠᠭ᠎ᠠ᠄ ︽ᠡᠨᠡ ᠵᠢᠯ ᠵᠢᠭᠡᠯᠡᠯᠭᠡ | ᠭᠤᠶᠤᠴᠢᠯᠠᠵᠤ᠂ ᠬᠤᠨᠢ᠂ ᠭᠠᠭ᠋ᠠᠢ ᠬᠤᠳᠠᠯᠳᠤᠨ ᠠᠪᠴᠤ᠂ ᠤᠷᠭᠠᠨᠢᠭ ᠨᠤᠭᠤᠭ᠎ᠠ ᠲᠠᠷᠢᠬᠤ ᠬᠦᠯᠠᠮᠵᠢ ᠪᠠᠷᠢᠬᠤ ᠪᠠᠷ | ᠲᠦᠯᠤᠪᠯᠡᠵᠤ ᠪᠠᠶᠢᠨ᠎ᠠ᠃ ᠰᠤᠯᠠ ᠪᠠᠶᠢᠭ᠎ᠠ ᠮᠤᠩᠭᠤᠯ ᠭᠡᠷ ᠢᠶᠠᠨ ᠴᠤ ᠠᠰᠢᠭᠯᠠᠨ ᠲᠠᠯ᠎ᠠ ᠨᠤᠳᠤᠭ ᠤᠨ ᠤᠨᠴᠠᠯᠢᠭᠳᠤ ︿ | ᠮᠠᠯᠴᠢᠳ ᠤᠨ ᠪᠠᠶᠠᠰᠤᠯ﹀ ᠢ ᠡᠵᠡᠩᠨᠡᠭᠦ ᠰᠠᠨᠠᠭᠠᠳᠠᠢ︾ ᠭᠡᠵᠤ ᠪᠠᠶᠢᠯ᠎ᠠ᠃ | ᠲᠤᠯᠢ ᠭᠠᠴᠠᠭᠠᠨ ᠤ ᠶᠠᠳᠠᠭᠤ ᠭᠦᠴᠢᠷᠳᠡᠯᠳᠡᠢ ᠡᠷᠦᠭᠡ ᠯᠢ ᠶᠢᠨ ᠹᠦ᠋ ᠪᠤᠯ ᠮᠦᠨ ᠴᠤ ᠠᠵᠤ ᠦᠢᠯᠡᠰ ᠢᠶᠠᠷ | ᠶᠠᠳᠠᠭᠤ ᠶᠢ ᠲᠡᠳᠭᠦᠭᠦ ᠲᠦᠷᠦ ᠶᠢᠨ ᠪᠤᠳᠤᠯᠭ᠎ᠠ ᠶᠢᠨ ᠠᠰᠢᠭ ᠢ ᠭᠦᠷᠳᠡᠭᠰᠡᠳ ᠤᠨ ᠨᠢᠭᠡ ᠨᠢ ᠪᠤᠯᠤᠨ᠎ᠠ᠃ ᠭᠤᠷᠪᠠᠨ | ᠵᠢᠯ ᠤᠨ ᠬᠤᠭᠤᠷᠤᠨᠳᠤ ᠲᠤᠯᠢ ᠭᠠᠴᠠᠭ᠎ᠠ ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠪᠠᠷ ᠲᠡᠮᠵᠢᠭᠤᠯᠤᠨ ᠯᠢ ᠶᠢᠨ | ᠹᠦ᠋ ᠶᠢᠨ ᠬᠢᠨ ᠳᠤ 80 ᠳᠡᠭᠰᠢ ᠲᠦᠷᠪᠡᠯᠵᠢᠨ ᠮᠧᠲᠷ ᠤᠨ ᠡᠪᠡᠰᠤᠨ ᠰᠠᠷᠠᠪᠴᠢ᠂ 60 ᠳᠡᠭᠰᠢ ᠲᠦᠷᠪᠡᠯᠵᠢᠨ | ᠮᠧᠲᠷ ᠤᠨ ᠮᠠᠯ ᠤᠨ ᠬᠠᠰᠢᠶ᠎ᠠ ᠰᠠᠷᠠᠪᠴᠢ ᠪᠠᠷᠢᠵᠤ᠂ ᠭᠤᠷᠪᠠᠨ ᠦᠭᠡᠷ ᠬᠤᠳᠠᠯᠳᠤᠨ ᠠᠪᠴᠤ ᠦᠭᠭᠦᠨ᠂ 33.12 | ᠮᠦ ᠶᠢᠨ ᠰᠦᠷᠴᠢᠨ ᠤᠰᠤᠯᠠᠬᠤ ᠲᠦᠭᠦᠭᠡᠷᠤᠮᠵᠢ ᠤᠭᠰᠠᠷᠠᠵᠤ᠂ ᠡᠳᠡᠭᠡᠷ ᠨᠢ ᠪᠠᠷᠤᠭ 5 ᠲᠦᠮᠡᠨ ᠲᠦᠭᠦᠷᠢᠭ ᠲᠤ | ᠬᠦᠷᠦᠭᠰᠡᠨ ᠪᠠᠶᠢᠨ᠎ᠠ᠃ ᠤᠳᠤᠬᠠᠨ ᠳᠤ ᠲᠡᠳᠡᠨ ᠤ ᠬᠢᠨ 13 ᠦᠭᠡᠷ ᠮᠠᠯᠵᠢᠵᠤ᠂ ᠲᠠᠷᠠᠭᠠᠴᠢ ᠶᠢᠨ ᠠᠯᠬᠤᠮ ᠳᠤ | ᠦᠭᠡᠷ ᠤᠨ ᠬᠠᠰᠢᠶ᠎ᠠ ᠰᠡᠷᠠᠪᠴᠢ ᠪᠠᠷᠢᠬᠤ ᠪᠠᠷ ᠲᠦᠯᠤᠪᠯᠡᠵᠤ ᠪᠤᠢ᠃ ᠪᠤᠷᠭᠠᠰᠤ᠂ ᠲᠤᠷᠤᠭ ᠲᠠᠷᠪᠠᠯᠵᠢ ᠵᠡᠷᠭᠡ ᠶᠢᠨ | ᠰᠤᠶᠤᠭ᠎ᠠ ᠬᠤᠳᠠᠯᠳᠤᠨ ᠠᠪᠴᠤ ᠲᠠᠷᠢᠨ ᠪᠡᠯᠴᠢᠭᠡᠷ ᠢᠶᠠᠨ ᠡᠯᠡᠰᠤᠷᠭᠡᠭᠵᠢᠭᠦ ᠠᠴᠠ ᠰᠡᠷᠭᠡᠶᠢᠯᠡᠭᠦ ᠶᠢᠨ ᠬᠠᠮᠳᠤ ᠲᠡᠵᠢᠭᠡᠨ | ᠠᠷᠠᠴᠢᠯᠠᠬᠤ ᠦᠢᠯᠡᠰ ᠢᠶᠠᠨ ᠦᠷᠭᠡᠳᠭᠡᠵᠤ᠂ ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠳᠤᠭᠡᠯ ᠢ ᠤᠯᠠᠮ ᠨᠢᠭᠡ | ᠠᠯᠬᠤᠮ ᠪᠠᠬᠢᠵᠢᠭᠦᠯᠭᠦ ᠪᠠᠷ ᠪᠤᠢ᠃ | ᠲᠤᠯᠢ ᠭᠠᠴᠠᠭ᠎ᠠ ᠤᠢᠢᠷ᠎ᠠ ᠶᠢᠨ ᠡᠳᠤᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ | ᠲᠦᠷᠤᠯ ᠤᠨ ᠲᠤᠭᠤᠷᠢᠨ ᠪᠠᠶᠢᠴᠠᠭᠠᠯᠳᠠ ᠶᠢᠨ ︽ᠡᠷᠬᠢᠨ ᠬᠠᠷᠠᠵᠤ︾ ᠠᠰᠠᠭᠤᠳᠠᠯ ᠢ ᠴᠡᠭᠴᠡᠯᠡᠨ ᠵᠠᠰᠠᠬᠤ ᠪᠠ ᠪᠦᠬᠦ | ᠲᠠᠯ᠎ᠠ ᠪᠠᠷ ᠪᠠᠶᠢᠳᠠᠯ ᠢ ᠦᠢᠯᠠᠭᠠᠬᠤ ᠠᠵᠢᠯ ᠲᠠᠢ ᠤᠶᠠᠯᠳᠤᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠭᠦᠭᠦ | ᠲᠦᠷᠤᠯ ᠵᠦᠢᠯ ᠢ ᠠᠰᠢᠭᠯᠠᠭᠰᠠᠨ ᠨᠢ ᠢᠯᠡᠷᠭᠡᠢ ᠦᠷ᠎ᠠ ᠪᠦᠳᠤᠮᠵᠢ ᠤᠯᠤᠭᠰᠠᠨ ᠪᠠᠶᠢᠳᠠᠯ᠂ ᠦᠷᠭᠦᠯᠵᠢᠯᠡᠨ | ᠲᠤᠭᠳᠠᠭᠤᠨ ᠢᠶᠠᠷ ᠤᠷᠤᠯᠭ᠎ᠠ ᠨᠡᠮᠡᠭᠳᠡᠭᠦᠯᠦᠭᠰᠡᠨ ᠵᠢᠴᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ | ᠤᠷᠤᠰᠢᠵᠤ ᠪᠠᠶᠢᠭ᠎ᠠ ᠠᠰᠠᠭᠤᠳᠠᠯ ᠵᠡᠷᠭᠡ ᠲᠠᠯ᠎ᠠ ᠪᠠᠷ ᠪᠦᠭᠦ ᠭᠠᠴᠠᠭᠠᠨ ᠤ ᠶᠠᠳᠠᠭᠤ ᠬᠦᠴᠢᠷᠳᠡᠯᠳᠡᠢ ᠡᠷᠤᠭᠡ᠂ ᠨᠠᠮ ᠤᠨ | ᠭᠡᠰᠢᠭᠦᠨ᠂ ᠲᠤᠰᠬᠤᠨ ᠤ ᠠᠷᠠᠳ ᠤᠨ ᠲᠦᠯᠤᠭᠡᠯᠡᠭᠴᠢ ᠵᠡᠷᠭᠡ 30 ᠭᠠᠷᠤᠢ ᠡᠷᠤᠭᠡ ᠳᠤ ᠬᠦᠨᠵᠡᠭᠡᠶᠢᠷᠡᠵᠤ ᠪᠠᠶᠢᠳᠠᠯ ᠢ | ᠦᠢᠯᠠᠭᠠᠭᠰᠠᠨ ᠪᠠᠶᠢᠨ᠎ᠠ᠃ ᠡᠨᠡ ᠭᠦ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠠᠩᠭᠢᠯᠠᠭ᠎ᠠ ᠶᠢᠨ ᠴᠠᠭ | ᠦᠶ᠎ᠠ ᠳᠤ ᠲᠤᠯᠢ ᠭᠠᠴᠠᠭ᠎ᠠ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ | ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠦ᠋ᠭᠦ ᠲᠠᠯ᠎ᠠ ᠶᠢᠨ ᠢᠯᠠᠯᠳᠠ ᠶᠢ ᠲᠡᠮᠡᠴᠡᠨ ᠤᠯᠬᠤ ᠳᠤ | ᠮᠠᠷᠠᠶᠢᠨ ᠵᠢᠳᠬᠦᠵᠤ ᠪᠠᠶᠢᠨ᠎ᠠ᠃ |