ᠪᠠᠶᠠᠨᠭᠤᠤᠯ ᠭᠠᠴᠠᠭ᠎ᠠ ᠶᠢᠨ ︽ᠬᠤᠪᠢ ᠬᠤᠷᠠᠮᠳᠤᠭᠤᠯᠬᠤ ᠲᠡᠯᠭᠡᠬᠦᠷ︾ ᠮᠠᠯᠴᠢᠨ ᠲᠠᠷᠢᠶᠠᠴᠢᠨ ᠤ ᠬᠠᠯᠠᠭᠤᠨ ᠬᠦᠷᠢᠶᠡᠯᠡᠯ ᠢ ᠤᠯᠵᠤ ᠪᠠᠶᠢᠨ᠎ᠠ
ᠨᠡᠶᠢᠲᠡᠯᠡᠭᠰᠡᠨ ᠴᠠᠭ᠄
2020-04-14
     ᠤᠯᠠᠭᠠᠨᠳᠤᠯᠤᠭᠠᠢ ᠪᠠᠯᠭᠠᠰᠤᠨ ᠤ ᠪᠠᠶᠠᠨᠭᠤᠤᠯ ᠭᠠᠴᠠᠭ᠎ᠠ ᠶᠢᠨ ︽ᠬᠤᠪᠢ ᠬᠤᠷᠠᠮᠳᠤᠭᠤᠯᠬᠤ ᠲᠡᠯᠭᠡᠬᠦᠷ︾ ᠲᠤ ᠮᠠᠯᠴᠢᠳ ᠡᠳᠦᠷ ᠲᠤᠳᠤᠮ ᠤᠨ ᠬᠡᠷᠡᠭᠯᠡᠭᠡᠨ ᠤ ᠪᠤᠳᠠᠰ ᠢᠶᠠᠨ ᠰᠤᠩᠭᠤᠨ ᠠᠪᠴᠦ ᠪᠠᠶᠢᠯ᠎ᠠ᠃ ︽ᠡᠨᠡ 15 ᠬᠤᠪᠢ ᠶᠢ ᠪᠢ ᠠᠷᠢᠭᠤᠨ ᠴᠡᠪᠡᠷᠯᠡᠭᠡ ᠬᠢᠬᠦ᠂ ᠰᠠᠶᠢᠨ ᠲᠤᠷ᠎ᠠ ᠶᠢᠨ ᠠᠵᠢᠯᠯᠠᠭ᠎ᠠ ᠳᠤ ᠤᠷᠤᠯᠴᠠᠬᠤ ᠪᠠᠷ ᠲᠠᠮᠵᠢᠭᠤᠯᠤᠨ ᠤᠯᠤᠬᠰᠠᠨ ᠶᠤᠮ᠂ ᠡᠨᠡ ᠲᠡᠯᠭᠡᠬᠦᠷ ᠢ ᠦᠨᠡᠨ ᠰᠠᠶᠢᠨ ᠡᠷᠬᠢᠯᠡᠵᠠᠢ᠂ ᠭᠠᠴᠠᠭᠠᠨ ᠤ ᠠᠵᠢᠯᠯᠠᠭ᠎ᠠ ᠳᠤ ᠢᠳᠡᠪᠬᠢᠲᠠᠢ ᠤᠷᠤᠯᠴᠠᠵᠤ ᠤᠯᠤᠬᠰᠠᠨ ᠬᠤᠪᠢ ᠪᠠᠷ ᠢᠶᠠᠨ ᠡᠳ᠋ ᠪᠠᠷᠠᠭ᠎ᠠ ᠰᠤᠯᠢᠨ ᠠᠪᠴᠤ ᠪᠤᠯᠤᠨ᠎ᠠ ᠰᠢᠦ︾ ᠭᠡᠵᠦ ᠮᠠᠯᠴᠢᠨ ᠲᠠᠷᠢᠶᠠᠴᠢᠨ ᠡᠷᠡᠭᠡᠢ ᠭᠤᠵᠦ᠋ᠢᠯᠭᠠᠨ ᠮᠠᠬᠳᠠᠨ᠎ᠠ᠃ ᠡᠨᠡ ᠬᠦ ︽ᠬᠤᠪᠢ ᠬᠤᠷᠠᠮᠳᠤᠭᠤᠯᠬᠤ ᠲᠡᠯᠭᠡᠬᠦᠷ︾ ᠤᠨ ᠡᠳ᠋ ᠪᠠᠷᠠᠭᠠᠨ ᠳᠤ ᠦᠨ᠎ᠡ ᠬᠠᠨᠭ᠍ᠰᠢ ᠶᠢ ᠨᠠᠭᠠᠬᠰᠠᠨ ᠦᠬᠡᠢ ᠬᠠᠷᠢᠨ ᠲᠤᠬᠢᠷᠠᠯᠴᠠᠬᠰᠠᠨ ᠬᠤᠪᠢ ᠶᠢᠨ ᠲᠤᠭ᠎ᠠ ᠶᠢ ᠨᠠᠭᠠᠵᠤ ᠪᠠᠶᠢᠯ᠎ᠠ᠃     ᠤᠯᠠᠭᠠᠨᠲᠤᠯᠤᠭᠠᠢ ᠪᠠᠯᠭᠠᠰᠤ ᠨᠢ ︽ᠨᠠᠮ ᠤᠨ ᠪᠠᠶᠢᠭᠤᠯᠤᠯᠲᠠ + ᠶᠠᠳᠠᠭᠤ ᠶᠢ ᠲᠡᠳᠬᠦᠬᠦ + ᠬᠦᠳᠡᠭᠡ ᠲᠤᠰᠬᠤᠨ ᠤ ᠪᠤᠯᠪᠠᠰᠤᠨ ᠤ ᠪᠠᠶᠢᠭᠤᠯᠤᠯᠲᠠ︾ ᠶᠢᠨ ᠬᠡᠪ ᠵᠠᠬᠪᠤᠷ ᠢ ᠡᠬᠦᠳᠴᠦ᠂ ᠬᠤᠪᠢ ᠬᠤᠷᠠᠮᠳᠤᠭᠤᠯᠬᠤ ᠬᠡᠯᠪᠡᠷᠢ ᠪᠠᠷ ᠮᠠᠯᠴᠢᠨ ᠲᠠᠷᠢᠶᠠᠴᠢᠳ ᠤᠨ ᠲᠤᠰᠬᠤᠨ ᠤ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠂ ᠤᠶᠤᠨ ᠰᠠᠨᠠᠭᠠᠨ ᠤ ᠪᠤᠯᠪᠠᠰᠤᠨ ᠤ ᠪᠠᠶᠢᠭᠤᠯᠤᠯᠲᠠ ᠶᠢᠨ ᠠᠵᠢᠯᠯᠠᠭ᠎ᠠ ᠳᠤ ᠤᠷᠤᠯᠴᠠᠬᠤ ᠢᠳᠡᠪᠬᠢᠵᠢᠯ ᠢ ᠦᠨᠡᠨ ᠬᠦ ᠲᠠᠶᠢᠴᠢᠯᠠᠵᠤ ᠴᠢᠳᠠᠬᠰᠠᠨ ᠪᠠᠶᠢᠨ᠎ᠠ᠃ ᠪᠠᠶᠠᠨᠭᠤᠤᠯ ᠭᠠᠴᠠᠭᠠᠨ ᠤ ᠨᠢᠭᠡᠳᠦᠬᠡᠷ ᠱᠦᠵᠢ ᠯᠢᠦ ᠰᠢᠶᠠᠩ᠄ ︽ᠮᠠᠯᠴᠢᠨ ᠲᠠᠷᠢᠶᠠᠴᠢᠳ ᠦᠪᠡᠷ ᠤᠨ ᠤᠷᠤᠯᠴᠠᠯᠭ᠎ᠠ ᠳᠠᠭᠠᠨ ᠲᠦᠰᠢᠭᠯᠡᠨ ᠬᠤᠪᠢ ᠬᠤᠷᠠᠮᠳᠤᠭᠤᠯᠤᠨ᠎ᠠ᠂ ᠢᠯᠡᠬᠦᠦ ᠤᠷᠤᠯᠴᠠᠪᠠᠯ ᠢᠯᠡᠬᠦᠦ ᠬᠤᠪᠢ ᠤᠯᠤᠨ᠎ᠠ᠃ ᠤᠳᠤ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ᠂ ᠤᠷᠴᠢᠨ ᠲᠤᠭᠤᠷᠢᠨ ᠢ ᠴᠡᠭᠴᠡᠯᠡᠨ ᠵᠠᠰᠠᠬᠤ᠂ ᠡᠯ᠎ᠡ ᠵᠦᠢᠯ ᠤᠨ ᠬᠢᠨᠠᠨ ᠰᠢᠯᠭᠠᠷᠠᠭᠤᠯᠤᠯᠲᠠ ᠶᠢᠨ ᠠᠵᠢᠯᠯᠠᠭ᠎ᠠ ᠳᠤ ᠮᠠᠯᠴᠢᠨ ᠲᠠᠷᠢᠶᠠᠴᠢᠳ ᠮᠠᠰᠢ ᠢᠳᠡᠪᠬᠢᠲᠠᠢ ᠤᠷᠤᠯᠴᠠᠬᠤ ᠪᠤᠯᠵᠤ᠂ ᠭᠠᠴᠠᠭᠠᠨ ᠤ ᠠᠶᠢᠯ ᠡᠷᠦᠬᠡ ᠶᠢᠨ ᠬᠠᠷᠢᠴᠠᠭ᠎ᠠ ᠤᠯᠠᠮ ᠡᠶ᠎ᠡ ᠵᠤᠬᠢᠴᠠᠯ ᠲᠠᠢ᠂ ᠭᠠᠴᠠᠭᠠᠨ ᠤ ᠤᠷᠴᠢᠨ ᠲᠤᠭᠤᠷᠢᠨ ᠤᠯᠠᠮ ᠭᠤᠶᠤ ᠰᠠᠶᠢᠬᠠᠨ ᠪᠤᠯᠤᠬᠰᠠᠨ ᠪᠠᠶᠢᠨ᠎ᠠ︾ ᠭᠡᠵᠤ ᠲᠠᠨᠢᠯᠴᠠᠭᠤᠯᠵᠤ ᠪᠠᠶᠢᠯ᠎ᠠ᠃     ᠤᠯᠠᠭᠠᠨᠳᠤᠯᠤᠭᠠᠢ ᠪᠠᠯᠭᠠᠰᠤᠨ ᠤ ᠪᠠᠶᠠᠨᠭᠤᠤᠯ ᠭᠠᠴᠠᠭᠠᠨ ᠤ ︽ᠬᠤᠪᠢ ᠬᠤᠷᠠᠮᠳᠤᠭᠤᠯᠬᠤ ᠲᠡᠯᠭᠡᠬᠦᠷ︾ ᠨᠢᠭᠡ ᠲᠠᠯ᠎ᠠ ᠪᠠᠷ ᠨᠡᠶᠢᠭᠡᠮ ᠤᠨ ᠬᠠᠶᠢᠷ᠎ᠠ ᠬᠠᠯᠠᠮᠵᠢ ᠶᠢᠨ ᠡᠯ᠎ᠡ ᠡᠳᠡᠭᠡᠳ ᠤᠨ ᠲᠤᠰᠠᠯᠠᠮᠵᠢ ᠶᠢᠨ ᠪᠤᠳᠠᠰ ᠲᠤ ᠲᠤᠬᠢᠷᠠᠭᠤᠯᠤᠯᠲᠠ ᠬᠢᠵᠦ᠂ ᠶᠠᠳᠠᠭᠤ ᠬᠦᠴᠢᠷᠳᠡᠯᠲᠠᠢ ᠤᠯᠠᠨ ᠲᠦᠮᠡᠨ ᠤ ᠶᠠᠳᠠᠭᠤ ᠠᠴᠠ ᠠᠩᠬᠢᠵᠢᠷᠠᠬᠤ ᠦᠵᠡᠯ ᠲᠠᠨᠢᠯᠲᠠ ᠶᠢ ᠲᠡᠭᠡᠭᠰᠢᠯᠡᠬᠦᠯᠦᠨ ᠡᠷᠴᠢ ᠵᠤᠷᠢᠭ ᠢ ᠨᠢ ᠬᠦᠪᠴᠢᠯᠡᠵᠦ᠂ ᠨᠦᠬᠦᠬᠡ ᠲᠠᠯ᠎ᠠ ᠪᠠᠷ ᠮᠠᠯᠴᠢᠨ ᠲᠠᠷᠢᠶᠠᠴᠢᠳ ᠤᠨ ᠬᠦᠳᠡᠭᠡ ᠲᠤᠰᠬᠤᠨ ᠤ ᠤᠶᠤᠨ ᠰᠠᠨᠠᠭᠠᠨ ᠤ ᠪᠤᠯᠪᠠᠰᠤᠨ ᠤ ᠪᠠᠶᠢᠭᠤᠯᠤᠯᠲᠠ᠂ ᠤᠷᠴᠢᠨ ᠲᠤᠭᠤᠷᠢᠨ ᠢ ᠴᠡᠭᠴᠡᠯᠡᠨ ᠵᠠᠰᠠᠬᠤ᠂ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠬᠤ ᠵᠡᠷᠭᠡ ᠠᠵᠢᠯᠯᠠᠭ᠎ᠠ ᠳᠤ ᠤᠷᠤᠯᠴᠠᠬᠤ ᠢᠳᠡᠪᠬᠢᠵᠢᠯ ᠢ ᠶᠡᠭᠡ ᠪᠠᠷ ᠲᠡᠭᠡᠭᠰᠢᠯᠡᠬᠦᠯᠵᠦ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠵᠤᠯ ᠵᠢᠷᠭᠠᠯᠲᠦ ᠲᠦᠷᠦᠭᠳᠡᠯ ᠪᠤᠯᠤᠨ ᠬᠦᠷᠳᠡᠮᠵᠢ ᠶᠢᠨ ᠲᠦᠷᠦᠭᠳᠡᠯ ᠢ ᠤᠯᠠᠮ ᠨᠡᠮᠡᠭᠳᠡᠬᠦᠯᠦᠭᠰᠡᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号